︽ᠬᠥᠬᠡᠬᠤᠲᠠ ᠶᠢᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠡᠷᠡᠭᠵᠢᠭᠦᠯᠬᠦ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/6
      ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠬᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠭᠪᠤᠷ ᠢ ᠬᠤᠪᠢᠷᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ︽ᠡᠴᠦᠰ ᠤᠨ ᠨᠢᠭᠡ ᠮᠧᠲᠷ︾ ᠤᠨ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠰᠠᠭᠤᠭᠠᠯᠢ ᠠᠷᠠᠳ ᠲᠤ ᠭᠡᠷ ᠠᠴᠠ ᠨᠢ ᠣᠶᠢᠷᠠᠬᠠᠨ ᠥᠨᠳᠥᠷ ᠶᠠᠰᠤ ᠴᠢᠨᠠᠷ ᠲᠠᠢ ᠡᠮᠴᠢᠯᠡᠭᠡ᠂ ᠡᠷᠡᠭᠦᠯᠵᠢᠯ ᠤᠨ ᠦᠢᠯᠡᠴᠢᠯᠡᠭᠡ ᠶᠢ ᠬᠦᠷᠲᠡᠭᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢᠨ ᠲᠦᠯᠦᠭᠡ᠂ ᠮᠠᠨ ᠤ ᠬᠤᠲᠠ ︽ᠬᠥᠬᠡᠬᠤᠲᠠ ᠶᠢᠨ ᠭᠡᠷ ᠪᠦᠯᠢ ᠶᠢᠨ ᠡᠮᠴᠢ ᠶᠢᠨ  ᠭᠡᠷᠡᠲᠦ ᠦᠢᠯᠡᠴᠢᠯᠡᠭᠡ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠶᠢᠯᠤᠮᠵᠢ ᠨᠢ ᠳᠣᠣᠷᠠᠬᠢ ᠮᠡᠲᠦ᠄       ᠨᠢᠭᠡ᠂ ᠲᠤᠭᠲᠠᠭᠠᠭᠰᠠᠨ ᠦᠨᠳᠦᠰᠦᠯᠡᠯ       2022 ᠣᠨ ᠤ 3 ᠳ᠋ᠤᠭᠠᠷ ᠰᠠᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠵᠢᠷᠭᠤᠭᠠᠨ ᠶᠠᠮᠤᠨ ᠵᠦᠪᠯᠡᠯ ᠬᠠᠮᠲᠤᠷᠠᠨ ︽ᠭᠡᠷ ᠪᠦᠯᠢ ᠶᠢᠨ ᠡᠮᠴᠢ ᠶᠢᠨ  ᠭᠡᠷᠡᠲᠦ ᠦᠢᠯᠡᠴᠢᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠤᠯᠤᠰ ᠡᠷᠡᠭᠦᠯ ᠬᠠᠮᠠᠭᠠᠯᠠᠯ ᠦᠨᠳᠦᠰᠦᠨ ᠱᠠᠲᠤ ᠲᠠᠷᠬᠠᠭᠠᠭᠰᠠᠨ ﹇2022﹈ 10 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠂ ᠡᠨᠡ ᠨᠢ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠠᠵᠢᠯ ᠵᠢᠩᠬᠢᠨᠢ ᠪᠠᠷ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠤᠯᠤᠰ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠢᠯᠤᠭᠤᠳᠬᠤ ᠰᠠᠨᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃       ᠬᠤᠶᠠᠷ᠂ ᠭᠤᠣᠯ ᠠᠭᠤᠯᠭ᠎ᠠ       ︵ᠨᠢᠭᠡ︶ ᠶᠡᠷᠦᠩᠬᠡᠢ ᠱᠠᠭᠠᠷᠳᠠᠯᠭ᠎ᠠ᠄ ᠦᠨᠳᠦᠰᠦᠨ ᠵᠠᠷᠴᠢᠮ ᠬᠢᠭᠡᠳ ᠠᠵᠢᠯ ᠤᠨ ᠬᠠᠷᠠᠯᠲᠠ ᠶᠢ  ᠪᠠᠭᠲᠠᠭᠠᠨ᠎ᠠ᠂ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠢᠳᠡᠪᠬᠢᠲᠡᠢ ᠥᠷᠭᠡᠳᠬᠡᠨ᠂ 2023 ᠣᠨ ᠤ ᠡᠴᠦᠰ ᠲᠤ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 40% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠣᠲᠣ ᠶᠢᠨ ᠪᠠᠶᠢᠭ᠎ᠠ ᠦᠢᠯᠡᠴᠢᠯᠡᠭᠡᠨ ᠤ ᠬᠢᠷᠢ ᠲᠦᠪᠰᠢᠨ ᠤ ᠰᠠᠭᠤᠷᠢᠨ ᠳᠡᠭᠡᠷ᠎ᠡ᠂ ᠪᠥᠬᠦ ᠬᠥᠮᠥᠰ ᠪᠠ ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠵᠢᠯ ᠪᠦᠷᠢ 3 ︱ 5 ᠵᠠᠭᠤᠨ ᠤ ᠨᠢᠭᠡᠴᠢ ᠳᠡᠭᠡᠭᠰᠢᠯᠡᠭᠦᠯᠵᠦ᠂ ᠭᠡᠷ ᠪᠦᠯᠢ ᠳᠤ ᠨᠡᠶᠢᠳᠡᠮ ᠪᠦᠷᠭᠦᠬᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃       ︵ᠬᠤᠶᠠᠷ︶ ᠦᠢᠯᠡᠴᠢᠯᠡᠭᠡᠨ ᠤ ᠬᠠᠩᠭᠠᠯᠭ᠎ᠠ ᠳᠤ ᠭᠡᠷ ᠪᠦᠯᠢ ᠶᠢᠨ ᠡᠮᠴᠢ ᠶᠢᠨ ᠪᠦᠷᠢᠯᠳᠦᠭᠦᠨ ᠪᠠ ᠦᠢᠯᠡᠴᠢᠯᠡᠭᠡᠨ ᠤ ᠲᠦᠷᠦᠯ ᠢᠯᠭᠠᠯ ᠢ ᠪᠠᠭᠲᠠᠭᠠᠨ᠎ᠠ᠃       ︵ᠭᠤᠷᠪᠠ︶  ᠭᠡᠷᠡᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠳᠤ ᠭᠡᠷ᠎ᠡ ᠲᠣᠭᠲᠠᠬᠤ ᠭᠤᠣᠯ ᠴᠣᠭᠴᠠ ᠨᠢ ᠡᠯ᠎ᠡ ᠬᠤᠰᠢᠭᠤ ᠰᠢᠶᠠᠨ ᠲᠣᠭᠤᠷᠢᠭ ᠲᠤ ᠬᠠᠷᠢᠶᠠᠯᠠᠭᠳᠠᠬᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠬᠤ ᠶᠢ  ᠲᠣᠳᠤᠷᠬᠠᠶᠢᠯᠠᠪᠠ᠃ ᠭᠡᠷ᠎ᠡ ᠲᠣᠭᠲᠠᠬᠤ ᠰᠠᠭᠤᠭᠠᠯᠢ ᠠᠷᠠᠳ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠣᠷᠣᠨ ᠤ ᠬᠡᠪᠴᠢᠶᠡᠨ ᠳᠠᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠪᠣᠯᠣᠨ᠎ᠠ᠃       ︵ᠳᠥᠷᠪᠡ︶ ᠡᠮᠴᠢᠯᠡᠭᠡᠨ ᠤ ᠳᠠᠭᠠᠳᠬᠠᠯ ᠨᠢ ᠳᠣᠣᠷᠠᠬᠢ ᠲᠥᠷᠥ ᠶᠢᠨ ᠪᠣᠳᠣᠯᠭ᠎ᠠ ᠪᠠᠷ ᠳᠡᠮᠵᠢᠨ ᠳᠡᠮᠵᠢᠯᠭᠡ ᠦᠵᠡᠭᠦᠯᠦᠨ᠎ᠡ᠄       ᠨᠢᠭᠡ ᠳᠤ ᠭᠡᠷ ᠪᠦᠯᠢ ᠶᠢᠨ ᠡᠮᠴᠢ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠭᠡᠪᠴᠢᠶᠡᠨ ᠳᠤ ᠣᠷᠤᠭᠤᠯᠤᠨ᠎ᠠ᠃ ᠬᠤᠶᠠᠷ ᠲᠤ ᠭᠡᠷ᠎ᠡ ᠲᠣᠭᠲᠠᠵᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠨ ᠲᠥᠯᠥᠬᠦ ᠬᠡᠪᠴᠢᠶᠡᠨ ᠳᠤ ᠣᠷᠣᠭᠤᠯᠤᠨ᠎ᠠ᠃ ᠡᠬᠢᠯᠡᠵᠦ ᠲᠣᠭᠠᠴᠠᠭ᠎ᠠ ᠬᠢᠬᠦ ᠱᠤᠭᠤᠮ᠂ ᠲᠠᠩᠰᠠ ᠲᠠᠶᠢᠯᠬᠤ ᠬᠠᠷᠢᠴᠠᠯ ᠢ ᠲᠣᠰ ᠲᠣᠰ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠲᠣᠭᠠᠴᠠᠭ᠎ᠠ ᠬᠢᠬᠦ ᠲᠤᠭ᠎ᠠ ᠶᠢ ᠬᠠᠷᠠᠭᠠᠯᠵᠠᠭᠰᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠣᠨ ᠤ ᠲᠤᠭᠠᠴᠠᠭ᠎ᠠ ᠬᠢᠬᠦ ᠬᠠᠮᠤᠭ ᠤᠨ ᠦᠨᠳᠦᠷ ᠬᠢᠵᠠᠭᠠᠷᠯᠠᠭᠰᠠᠨ ᠲᠤᠭ᠎ᠠ ᠳᠤ  ᠪᠣᠳᠤᠵᠤ ᠣᠷᠤᠭᠤᠯᠤᠨ᠎ᠠ᠃      ᠭᠤᠷᠪᠠ ᠳᠤ ᠬᠤᠶᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢ ᠭᠡᠷ᠎ᠡ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠣᠨᠣᠰᠢᠯᠠᠨ ᠪᠠᠶᠢᠴᠠᠭᠠᠬᠤ ᠵᠠᠷᠤᠳᠠᠯ ᠤᠨ ᠪᠠᠷᠢᠮᠵᠢᠶ᠎ᠠ ᠶᠢ ᠲᠣᠮᠢᠯᠠᠭᠰᠠᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ︵ᠣᠨᠴᠠ ᠬᠡᠷᠡᠭᠴᠡᠭᠡᠨ ᠤ ᠲᠥᠷᠥᠯ ᠪᠠᠭᠲᠠᠬᠤ ᠦᠭᠡᠢ︶᠃       ᠳᠥᠷᠪᠡ ᠳᠤ᠂ ᠮᠠᠨ ᠤ ᠬᠤᠲᠠ ᠶᠢᠨ 11 ᠵᠦᠢᠯ ᠤᠨ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠵᠠᠷᠤᠳᠠᠯ ᠤᠨ ᠲᠣᠭᠲᠠᠭᠰᠠᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠤᠤᠯ ᠤᠨ 80% ᠪᠠᠶᠢᠭᠰᠠᠨ ᠠᠴᠠ 100% ᠪᠣᠯᠭᠠᠨ ᠲᠣᠬᠢᠷᠠᠭᠤᠯᠵᠤ᠂ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠃       ᠲᠠᠪᠤ ᠳᠤ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠡᠮ ᠤᠨ ᠵᠦᠢᠯ ᠤᠨ ᠭᠠᠷᠴᠠᠭ︾ ᠤᠨ ᠡᠮ ᠪᠡᠯᠡᠳᠬᠡᠬᠦ ᠨᠣᠷᠮ᠎ᠠ ᠶᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢ ᠵᠣᠬᠢᠴᠠᠭᠤᠯᠵᠤ ᠪᠠᠶᠢᠭᠠᠳ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠰᠤᠳᠤᠯᠤᠯ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃       ᠵᠢᠷᠭᠤᠭ᠎ᠠ ᠳᠤ ᠣᠨᠣᠰᠢᠯᠠᠯᠲᠠ ᠨᠢ ᠲᠣᠳᠣᠷᠬᠠᠢ᠂ ᠡᠪᠡᠳᠴᠢᠨ ᠤ ᠪᠠᠶᠢᠳᠠᠯ ᠨᠢ ᠲᠣᠭᠲᠠᠪᠤᠷᠢᠲᠠᠢ᠂ ᠡᠮᠴᠢ ᠰᠤᠪᠢᠯᠠᠭᠴᠢ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠡᠮᠴᠢᠯᠡᠭᠡ ᠪᠠ ᠰᠤᠪᠢᠯᠠᠯᠲᠠ ᠬᠢᠬᠦ ᠳᠤ ᠲᠣᠬᠢᠷᠠᠬᠤ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠭᠡᠷ ᠪᠦᠯᠢ ᠶᠢᠨ ᠡᠪᠡᠳᠴᠢᠲᠡᠨ ᠤ ᠣᠷᠣ ᠶᠢᠨ ᠡᠮᠴᠢᠯᠡᠭᠡᠨ ᠤ ᠳᠠᠭᠠᠳᠬᠠᠯ ᠤᠨ ᠲᠡᠰᠦᠯᠦᠨ ᠪᠣᠳᠣᠯᠲᠠ ᠬᠢᠬᠦ ᠶᠢ ᠰᠦᠪᠡᠭᠴᠢᠯᠡᠨ ᠥᠷᠨᠢᠭᠦᠯᠦᠨ᠎ᠡ᠃       ︵ᠲᠠᠪᠤ︶ ᠭᠡᠷᠡᠲᠦ ᠦᠢᠯᠡᠴᠢᠯᠡᠭᠡᠨ ᠤ ᠰᠦᠢᠳᠬᠡᠯ ᠢ ᠲᠦᠯᠦᠬᠦ ᠡᠲᠡᠭᠡᠳ ᠵᠢᠴᠢ ᠪᠠᠷᠢᠮᠵᠢᠶ᠎ᠠ᠃ ᠨᠢᠭᠡ ᠳᠤ  ᠭᠡᠷᠡᠲᠦ ᠦᠢᠯᠡᠴᠢᠯᠡᠭᠡᠨ ᠤ ᠰᠦᠢᠳᠬᠡᠯ ᠢ ᠲᠥᠯᠥᠬᠦ ᠡᠲᠡᠭᠡᠳ ᠪᠣᠯ ᠬᠥᠬᠡᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠭᠡᠷ᠎ᠡ ᠲᠣᠭᠲᠠᠭᠰᠠᠨ ᠰᠠᠭᠤᠭᠠᠯᠢ ᠠᠷᠠᠳ ᠪᠣᠯᠣᠨ᠎ᠠ᠃ ᠬᠤᠶᠠᠷ ᠲᠤ ᠭᠡᠷᠡᠲᠦ ᠦᠢᠯᠡᠴᠢᠯᠡᠭᠡᠨ ᠤ ᠰᠦᠢᠳᠬᠡᠯ ᠢ ᠲᠥᠯᠥᠬᠦ ᠡᠲᠡᠭᠡᠳ ᠤᠨ ᠶᠣᠰᠣᠭᠠᠷ᠂ ᠭᠤᠣᠯᠳᠠᠯᠭ᠎ᠠ ᠲᠠᠢ ᠪᠤᠰᠤ ᠬᠥᠮᠥᠰ ᠬᠥᠮᠥᠨ ᠪᠦᠷᠢ ᠵᠢᠯ ᠳᠤ 55 ᠲᠥᠭᠦᠷᠢᠭ ᠥᠭᠭᠦᠨ᠎ᠡ᠂ ᠡᠭᠦᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ 20 ᠲᠥᠭᠦᠷᠢᠭ ᠥᠭᠭᠦᠨ᠎ᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠠᠴᠠ 30 ᠲᠥᠭᠦᠷᠢᠭ ᠥᠭᠭᠦᠨ᠎ᠡ᠂ ᠭᠡᠷ᠎ᠡ ᠲᠣᠭᠲᠠᠭᠰᠠᠨ ᠰᠠᠭᠤᠭᠠᠯᠢ ᠠᠷᠠᠳ 5 ᠲᠥᠭᠦᠷᠢᠭ ᠥᠭᠭᠦᠨ᠎ᠡ︔ ᠭᠤᠣᠯᠳᠠᠯᠭ᠎ᠠ ᠲᠠᠢ ᠬᠥᠮᠥᠰ ᠬᠥᠮᠥᠨ ᠪᠦᠷᠢ ᠵᠢᠯ ᠳᠤ 150 ᠲᠥᠭᠦᠷᠢᠭ ᠥᠭᠭᠦᠨ᠎ᠡ᠂ ᠡᠭᠦᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ 110 ᠲᠥᠭᠦᠷᠢᠭ ᠥᠭᠴᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠠᠴᠠ 30 ᠲᠥᠭᠦᠷᠢᠭ ᠥᠭᠴᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ 10 ᠲᠥᠭᠦᠷᠢᠭ ᠥᠭᠭᠦᠨ᠎ᠡ᠃ ᠡᠬᠢᠯᠡᠭᠦᠯᠦᠭᠰᠡᠨ ᠡᠮᠦᠨᠡᠬᠢ ᠭᠤᠷᠪᠠᠨ ᠵᠢᠯ ︵2023 ᠣᠨ ︱ 2025 ᠣᠨ︶ ᠳᠤ ᠭᠡᠷ᠎ᠡ ᠲᠣᠭᠲᠠᠭᠰᠠᠨ ᠰᠠᠭᠤᠭᠠᠯᠢ ᠠᠷᠠᠳ ᠭᠡᠷᠡᠲᠦ ᠦᠢᠯᠡᠴᠢᠯᠡᠭᠡᠨ ᠤ ᠰᠦᠢᠳᠬᠡᠯ ᠢ ᠲᠦᠷ ᠲᠥᠯᠥᠬᠦ ᠦᠭᠡᠢ᠃ ᠡᠭᠦᠨ ᠤ ᠬᠠᠮᠲᠤ ᠭᠤᠣᠯᠳᠠᠯᠭ᠎ᠠ ᠲᠠᠢ ᠬᠥᠮᠥᠰ ᠭᠡᠷ᠎ᠡ ᠲᠤᠭᠲᠠᠭᠰᠠᠨ ᠬᠠᠮᠤᠷᠬᠤ ᠬᠢᠷᠢ ᠲᠦᠪᠰᠢᠨ ᠢ ᠪᠣᠳᠤᠯᠬᠢᠯᠠᠵᠤ᠂ 2023 ᠣᠨ ᠤ ᠡᠴᠦᠰ ᠲᠤ᠂ ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡ ᠶᠢᠨ ᠬᠠᠮᠤᠷᠬᠤ ᠨᠣᠷᠮ᠎ᠠ ᠶᠢ 78% ᠠᠴᠠ ᠳᠣᠣᠷ᠎ᠠ ᠦᠭᠡᠢ ᠪᠣᠯᠭᠠᠨ᠎ᠠ᠃       ︵ᠵᠢᠷᠭᠤᠭ᠎ᠠ︶ ᠭᠡᠷᠡᠲᠦ ᠦᠢᠯᠡᠴᠢᠯᠡᠭᠡᠨ ᠤ ᠠᠭᠤᠯᠭ᠎ᠠ᠃ ᠡᠭᠦᠨ ᠳᠤ ᠡᠷᠡᠭᠦᠯ ᠮᠡᠨᠳᠦ ᠶᠢᠨ ᠦᠨᠡᠯᠡᠨ ᠵᠢᠱᠢᠯᠲᠡ᠂ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠳᠥᠭᠦᠮ ᠳᠥᠲᠡ ᠪᠠᠷ ᠡᠮ ᠲᠣᠬᠢᠷᠠᠭᠤᠯᠵᠤ ᠥᠭᠬᠦ ᠵᠡᠷᠭᠡ ᠨᠠᠢᠮᠠᠨ ᠲᠠᠯ᠎ᠠ ᠶᠢ ᠪᠠᠭᠲᠠᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠪᠡᠳᠴᠢᠨ ᠡᠮᠭᠡᠭ ᠢ ᠡᠮᠨᠡᠨ ᠵᠠᠰᠠᠬᠤ ᠠᠴᠠ ᠡᠷᠡᠭᠦᠯ ᠮᠡᠨᠳᠦ ᠶᠢᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ  ᠠᠬᠢᠭᠤᠯᠵᠤ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠥᠪ ᠭᠤᠥᠯᠴᠢ ᠴᠢᠨᠠᠷ ᠪᠠ  ᠬᠦᠷᠲᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃       ︵ᠳᠣᠯᠤᠭ᠎ᠠ︶ ᠭᠡᠷᠡᠲᠦ ᠦᠢᠯᠡᠴᠢᠯᠡᠭᠡᠨ ᠤ ᠰᠦᠢᠳᠬᠡᠯ ᠢ ᠰᠠᠯᠭᠠᠨ ᠥᠭᠬᠦ᠃ ᠭᠡᠷᠡᠲᠦ ᠦᠢᠯᠡᠴᠢᠯᠡᠭᠡᠨ ᠤ ᠰᠦᠢᠳᠬᠡᠯ ᠨᠢ ᠭᠡᠷ ᠪᠦᠯᠢ ᠶᠢᠨ ᠡᠮᠴᠢ ᠶᠢᠨ ᠪᠠᠶᠢᠭ᠎ᠠ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣᠯᠭ᠎ᠠ ᠶᠢᠨ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠰᠦᠢᠳᠬᠡᠯ ᠢ ᠬᠤᠶᠠᠷ ᠱᠠᠲᠤ ᠬᠤᠪᠢᠶᠠᠨ ᠰᠠᠯᠭᠠᠨ ᠥᠭᠭᠦᠨ᠎ᠡ᠃ ᠨᠢᠭᠡᠳᠦᠭᠡᠷ ᠱᠠᠲᠤ ᠦᠶ᠎ᠡ ᠳᠤ ᠭᠡᠷᠡᠲᠦ ᠦᠢᠯᠡᠴᠢᠯᠡᠭᠡᠨ ᠤ ᠰᠦᠢᠳᠬᠡᠯ ᠤᠨ 50% ᠪᠠᠷ ᠦᠨᠳᠦᠰᠦᠨ ᠦᠢᠯᠡᠴᠢᠯᠡᠭᠡᠨ ᠤ ᠵᠠᠷᠤᠳᠠᠯ ᠢ ᠰᠠᠯᠭᠠᠨ ᠥᠭᠴᠦ᠂ ᠬᠢᠨᠠᠨ ᠲᠣᠭᠲᠠᠭᠠᠭᠰᠠᠨ ᠭᠡᠷᠡᠲᠦ ᠦᠢᠯᠡᠴᠢᠯᠡᠭᠡᠨ ᠤ ᠰᠦᠢᠳᠬᠡᠯ ᠣᠯᠭᠤᠬᠤ ᠡᠲᠡᠭᠡᠳ ᠤᠨ ᠬᠥᠮᠥᠨ ᠤ ᠲᠤᠭ᠎ᠠ ᠪᠠᠷ ᠬᠢᠨᠠᠨ ᠪᠣᠳᠤᠵᠤ᠂ ᠤᠯᠠᠷᠢᠯ ᠢᠶᠠᠷ ᠰᠠᠯᠭᠠᠨ ᠥᠭᠭᠦᠨ᠎ᠡ︔ ᠬᠤᠶᠠᠳᠤᠭᠠᠷ ᠱᠠᠲᠤᠨ ᠳᠤ ︽ᠬᠢᠨᠠᠨ ᠰᠢᠯᠭᠠᠬᠤ ᠪᠠᠷᠢᠮᠵᠢᠶ᠎ᠠ︾ ᠶᠢᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ ᠭᠡᠷᠡᠲᠦ ᠦᠢᠯᠡᠴᠢᠯᠡᠭᠡᠨ ᠤ ᠰᠦᠢᠳᠬᠡᠯ ᠤᠨ ᠦᠯᠡᠳᠡᠭᠰᠡᠨ 50% ᠶᠢ ᠬᠠᠷᠢᠴᠠᠯ ᠶᠣᠰᠣᠭᠠᠷ ᠰᠠᠯᠭᠠᠨ ᠥᠭᠭᠦᠨ᠎ᠡ᠃      ︵ᠨᠠᠢᠮᠠ︶ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠬᠦ᠂ ᠡᠭᠦᠨ ᠳᠤ ᠭᠡᠷ ᠪᠦᠯᠢ ᠶᠢᠨ ᠡᠮᠴᠢ ᠶᠢ ᠬᠥᠮᠥᠵᠢᠭᠦᠯᠦᠨ ᠪᠣᠯᠪᠠᠰᠤᠷᠠᠭᠤᠯᠬᠤ ᠰᠢᠰᠲ᠋ᠧᠮᠵᠢ ᠶᠢ ᠰᠠᠶᠢᠵᠢᠷᠠᠭᠤᠯᠬᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠠᠷᠢᠮᠠᠬᠠᠢ ᠴᠢᠨᠠᠷᠲᠠᠢ ᠦᠢᠯᠡᠴᠢᠯᠡᠭᠡᠨ ᠤ ᠬᠡᠯᠡᠯᠴᠡᠭᠡᠷ ᠢ ᠳᠡᠯᠭᠡᠷᠡᠭᠦᠯᠬᠦ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃       ︵ᠶᠢᠰᠦ︶ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠂ ᠡᠭᠦᠨ ᠳᠤ ᠬᠢᠨᠠᠨ ᠰᠢᠯᠭᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠬᠤ᠂ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠶᠢ ᠴᠢᠩᠭᠠᠳᠬᠠᠬᠤ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠦᠷᠦᠭᠦᠯᠡᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ  ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠲᠤᠷᠠᠨ ︽  ᠬᠢᠨᠠᠨ ᠰᠢᠯᠭᠠᠬᠤ ᠪᠠᠷᠢᠮᠵᠢᠶ᠎ᠠ︾ ᠶᠢ ᠲᠣᠭᠲᠠᠭᠠᠵᠤ᠂ ᠬᠢᠨᠠᠨ ᠲᠣᠭᠲᠠᠭᠠᠭᠰᠠᠨ ᠲᠣᠭᠠᠴᠠᠭ᠎ᠠ ᠬᠢᠬᠦ ᠡᠲᠡᠭᠡᠳ ᠤᠨ ᠬᠥᠮᠥᠨ ᠤ ᠲᠤᠭ᠎ᠠ ᠶᠢᠨ ᠰᠠᠭᠤᠷᠢᠨ ᠳᠡᠭᠡᠷ᠎ᠡ ︽ᠪᠦᠲᠦᠮᠵᠢᠲᠡᠶ ᠭᠡᠷ᠎ᠡ ᠲᠤᠭᠲᠠᠭᠰᠠᠨ︾᠂ ︽ᠪᠦᠲᠦᠮᠵᠢᠲᠡᠶ   ᠦᠢᠯᠡᠴᠢᠯᠡᠭᠰᠡᠨ︾ ᠪᠠ ︽ᠵᠠᠷᠤᠳᠠᠯ ᠢ ᠪᠦᠲᠦᠮᠵᠢᠲᠡᠶ ᠬᠢᠵᠠᠭᠠᠷᠯᠠᠭᠰᠠᠨ︾ ᠢ ᠦᠨᠳᠦᠰᠦᠯᠡᠨ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠶᠠᠰᠤ ᠴᠢᠨᠠᠷ᠂ ᠲᠤᠭ᠎ᠠ ᠬᠡᠮᠵᠢᠶ᠎ᠡ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ  ᠬᠠᠨᠤᠮᠵᠢ ᠶᠢᠨ ᠬᠡᠮᠵᠢᠶ᠎ᠡ ᠵᠡᠷᠭᠡ ᠶᠢ ᠬᠢᠨᠠᠨ ᠰᠢᠯᠭᠠᠨ᠎ᠠ᠃       ︵ᠠᠷᠪᠠ︶ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠂ ᠡᠭᠦᠨ ᠳᠤ ᠵᠣᠬᠢᠶᠠᠨ ᠪᠠᠶᠢᠭᠤᠯᠤᠨ ᠤᠳᠤᠷᠢᠳᠤᠯᠭ᠎ᠠ ᠶᠢ ᠴᠢᠩᠭᠠᠳᠬᠠᠬᠤ᠂ ᠨᠡᠶᠢᠭᠡᠮ ᠤᠨ ᠲᠠᠯ᠎ᠠ ᠶᠢᠨ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠬᠢᠬᠦ ᠬᠤᠶᠠᠷ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃       ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ       ︵ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠯᠢᠶᠠᠩ ᡁᠢ ᠭᠦᠸᠧ᠂ ᠬᠠᠷᠢᠯᠴᠠᠬᠤ ᠤᠲᠠᠰᠤ᠄ 0471 ︱ 2386095︶      ᠢᠷᠡᠯᠲᠡ᠄ ᠬᠦᠬᠡᠬᠣᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ