ᠬᠥᠬᠡᠬᠤᠲᠠ ᠡᠷᠡᠭᠦᠯ ᠮᠡᠨᠳᠦ ᠶᠢᠨ ᠦᠨᠡᠮᠯᠡᠯ ᠢ ᠪᠣᠯᠵᠣᠨ ᠭᠦᠢᠴᠡᠳᠬᠡᠬᠦ ᠪᠣᠯᠪᠠ
ᠨᠡᠶᠢᠲᠡᠯᠡᠭᠰᠡᠨ ᠴᠠᠭ᠄
2023/11/7
      ︵ᠰᠤᠷᠪᠤᠯᠵᠢᠯᠠᠭᠴᠢ ᠯᠢᠶᠠᠩ ᠵᠢᠩ ᠱᠤ᠋︶  ︽ᠬᠥᠬᠡᠬᠤᠲᠠ ᠶᠢᠨ ᠡᠮᠴᠢᠯᠡᠭᠡ︾ ᠸᠢᠴᠠᠲ ᠤᠨ ᠨᠡᠶᠢᠲᠡ ᠶᠢᠨ ᠳ᠋ᠤᠭᠠᠷ ᠢ ᠡᠷᠢᠵᠦ ᠠᠩᠬᠠᠷᠤᠯ ᠢᠶᠠᠨ ᠬᠠᠨᠳᠤᠭᠤᠯᠤᠨ ᠣᠷᠣᠵᠤ ᠢᠷᠡᠭᠰᠡᠨ ᠤ ᠳᠠᠷᠠᠭ᠎ᠠ᠂ ᠡᠷᠡᠭᠦᠯ ᠮᠡᠨᠳᠦ ᠶᠢᠨ ᠺᠣᠳ᠋ ᠤᠨ ᠳᠣᠣᠷᠠᠬᠢ ︿ᠡᠷᠡᠭᠦᠯ ᠮᠡᠨᠳᠦ ᠶᠢᠨ ᠦᠨᠡᠮᠯᠡᠯ ᠭᠦᠢᠴᠡᠳᠬᠡᠬᠦ﹀ ᠶᠢ ᠳᠠᠷᠤᠵᠤ᠂ ︿ᠬᠤᠪᠢ ᠬᠥᠮᠥᠨ ᠪᠣᠯᠵᠣᠬᠤ﹀ ᠶᠢ ᠳᠠᠷᠤᠵᠤ ᠥᠪᠡᠷ ᠤᠨ ᠮᠡᠳᠡᠭᠡ ᠵᠠᠩᠭᠢ ᠪᠠᠨ ᠲᠠᠭᠯᠠᠨ᠎ᠠ᠂ ᠪᠡᠶ᠎ᠡ ᠶᠢᠨ ᠪᠠᠶᠢᠴᠠᠭᠠᠯᠲᠠ ᠬᠢᠬᠦ ᠨᠢᠭᠡᠴᠢ ᠶᠢᠨ ᠪᠠᠶᠢᠭ᠎ᠠ ᠭᠠᠵᠠᠷ ᠢ ᠰᠣᠩᠭᠤᠵᠤ᠂ ︿ᠪᠡᠶ᠎ᠡ ᠶᠢᠨ ᠦᠨᠡᠮᠯᠡᠯ ᠤᠨ ᠨᠣᠮᠧᠷ﹀ ᠢᠶᠠᠨ ᠪᠢᠴᠢᠵᠦ ᠳᠣᠲᠣᠭᠰᠢ ᠣᠷᠣᠵᠤ᠂ ᠡᠮᠨᠡᠯᠭᠡ ᠶᠢᠨ ᠬᠤᠷᠢᠶ᠎ᠠ ᠶᠢ ᠰᠣᠩᠭᠤᠵᠤ᠂ ᠪᠡᠶ᠎ᠡ ᠶᠢᠨ ᠪᠠᠶᠢᠴᠠᠭᠠᠯᠲᠠ ᠬᠢᠬᠦ ᠡᠳᠦᠷ ᠢᠶᠠᠨ ᠰᠣᠩᠭᠤᠵᠤ᠂ ︿ᠳᠠᠷᠤᠶᠢᠬᠠᠨ ᠪᠣᠯᠵᠤᠭ᠎ᠠ﹀ ᠶᠢ ᠳᠠᠷᠤᠪᠠᠯ ᠪᠣᠯᠴᠢᠬᠠᠨ᠎ᠠ᠃ ᠤᠷᠢᠳᠴᠢᠯᠠᠨ ᠪᠣᠯᠵᠣᠭᠰᠠᠨ ᠤ ᠳᠠᠷᠠᠭ᠎ᠠ ᠪᠣᠯᠵᠣᠭᠰᠠᠨ ᠨᠢᠭᠡᠴᠢ᠂ ᠴᠠᠭ ᠢᠶᠠᠨ ᠮᠠᠷᠲᠠᠭᠰᠠᠨ ᠪᠤᠶᠤ ᠤᠷᠢᠳᠴᠢᠯᠠᠨ ᠪᠣᠯᠵᠣᠭᠰᠠᠨ ᠢᠶᠠᠨ ᠬᠦᠴᠦᠨ ᠦᠭᠡᠢ ᠪᠣᠯᠭᠠᠬᠤ ᠭᠡᠪᠡᠯ᠂ ᠪᠣᠯᠵᠤᠭ᠎ᠠ ᠪᠠᠨ ᠯᠠᠪᠠᠯᠬᠤ ᠶᠢ ᠳᠠᠷᠤᠵᠤ᠂ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠣᠷᠣᠭᠤᠯᠤᠭᠰᠠᠨ ᠤ ᠳᠠᠷᠠᠭ᠎ᠠ ᠤᠷᠢᠳᠴᠢᠯᠠᠨ ᠪᠣᠯᠵᠣᠭᠰᠠᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠵᠤ ᠪᠣᠯᠣᠨ᠎ᠠ᠃ ᠡᠯᠧᠺᠲᠷᠣᠨ ᠡᠷᠡᠭᠦᠯ ᠮᠡᠨᠳᠦ ᠶᠢᠨ ᠦᠨᠡᠮᠯᠡᠯ ᠢ ᠤᠳᠠᠭᠠᠨ ᠳᠠᠷᠤᠵᠤ ᠭᠠᠷ ᠤᠲᠠᠰᠤᠨ ᠳᠡᠭᠡᠷ᠎ᠡ ᠪᠠᠨ ᠵᠢᠷᠤᠭ ᠪᠣᠯᠭᠠᠨ ᠬᠠᠳᠠᠭᠠᠯᠠᠵᠤ ᠪᠣᠯᠣᠨ᠎ᠠ᠂ ᠬᠦᠴᠦᠨ ᠲᠠᠢ ᠬᠤᠭᠤᠴᠠᠭᠠᠨ ᠳᠤ ᠪᠥᠬᠦ ᠥᠪᠡᠷᠲᠡᠭᠡᠨ ᠵᠠᠰᠠᠬᠤ ᠣᠷᠣᠨ ᠳᠤ ᠬᠡᠷᠡᠭᠯᠡᠵᠦ ᠪᠣᠯᠣᠨ᠎ᠠ᠃      ᠣᠶᠢᠯᠠᠭᠠᠭᠰᠠᠨ ᠢᠶᠠᠷ᠂ ᠣᠳᠣ ᠪᠣᠯᠲᠠᠯ᠎ᠠ᠂ ᠮᠠᠨ ᠤ ᠬᠤᠲᠠ ᠶᠢᠨ ᠳᠣᠣᠷᠠᠬᠢ ᠮᠡᠲᠦ ᠡᠮᠴᠢᠯᠡᠭᠡᠨ ᠤ ᠪᠠᠶᠢᠭᠤᠯᠤᠮᠵᠢ ᠡᠷᠡᠭᠦᠯ ᠮᠡᠨᠳᠦ ᠶᠢᠨ ᠦᠨᠡᠮᠯᠡᠯ ᠭᠦᠢᠴᠡᠳᠬᠡᠵᠦ ᠳᠡᠶᠢᠯᠦᠨ᠎ᠡ᠄ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠪ᠂ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠥᠪ᠂ ᠢᠦᠢ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ᠂ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠰᠢᠨ᠎ᠡ ᠬᠤᠲᠠ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠽᠧ ᠺᠠᠩ ᠶᠡᠷᠦᠩᠬᠡᠶᠢᠯᠡᠭᠰᠡᠨ ᠡᠭᠦᠳᠡᠨ ᠡᠮᠨᠡᠯᠭᠡ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ᠂ ᠲᠣᠭᠲᠠᠬᠤ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠦᠴᠦᠸᠠᠨ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ᠂ ᠴᠢᠩ ᠱᠦᠢ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠤᠷᠢᠨᠭᠡᠷ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠬᠤᠷᠢᠨᠭᠡᠷ ᠰᠢᠶᠠᠨ ᠤ ᠬᠥᠩ ᠯᠠᠮᠠ ᠶᠢᠨ ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠢᠨᠭᠡᠷ ᠰᠢᠶᠠᠨ ᠤ ᠱᠧᠩ ᠯᠧ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠷᠢᠨᠭᠡᠷ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠲᠦᠮᠡᠳ ᠵᠡᠭᠦᠨ ᠬᠤᠰᠢᠭᠤᠨ ᠤ ᠶᠢᠨ ᠬᠠᠢ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠃ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ