ᠢᠦᠢ ᠴᠢᠤᠸᠠᠨ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠰᠤᠷᠤᠯᠴᠠᠬᠤ ᠠᠵᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/11/8
      ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠵᠦ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ ᠶᠢᠨ ᠬᠤᠭᠤᠷᠣᠨᠳᠣ ᠪᠠᠨ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠰᠤᠷᠤᠯᠴᠠᠬᠤ ᠶᠢ ᠴᠢᠩᠭᠠᠳᠬᠠᠬᠤ ᠶᠢᠨ ᠲᠦᠯᠦᠭᠡ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠲᠥᠪ ᠲᠦᠷᠦᠭᠦᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠰᠤᠷᠤᠯᠴᠠᠬᠤ ᠠᠵᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠴᠤᠸᠠᠨ ᠰᠢᠶᠠᠨ᠂ ᠰᠢᠨ᠎ᠡ ᠬᠤᠳᠠ ᠲᠣᠭᠤᠷᠢᠭ᠂ ᠬᠤᠲᠤᠩ ᠠᠷᠠᠳ ᠤᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠬᠦᠷᠴᠦ ᠲᠣᠭᠤᠷᠢᠨ ᠦᠵᠡᠵᠦ ᠰᠤᠷᠤᠯᠴᠠᠪᠠ᠃      ᠦᠴᠤᠸᠠᠨ ᠰᠢᠶᠠᠨ ᠤ ᠰᠢᠩ ᠱᠧᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ᠂ ᠲᠠᠶᠢᠯᠪᠤᠷᠢᠯᠠᠭᠴᠢ ᠭᠤᠣᠯᠳᠠᠯᠭ᠎ᠠ ᠶᠢ ᠪᠠᠶᠢᠭᠤᠯᠤᠨ ᠬᠥᠭᠵᠢᠭᠦᠯᠬᠦ ᠠᠴᠠ ᠴᠢᠳᠠᠪᠬᠢ ᠡᠭᠦᠷᠭᠡ ᠬᠠᠷᠢᠭᠤᠴᠠᠯᠭ᠎ᠠ ᠵᠢᠴᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠤᠨ ᠲᠤᠬᠠᠢ ᠠᠮᠢᠳᠤᠯᠢᠭ ᠲᠠᠶᠢᠯᠤᠮᠵᠢ ᠬᠢᠵᠦ᠂ ᠪᠣᠳᠠᠲᠤ ᠵᠢᠱᠢᠶ᠎ᠡ ᠪᠠᠷ ᠦᠢᠯᠡᠳᠦᠯᠭᠡ ᠶᠢᠨ ᠦᠷᠳᠡᠭᠡ ᠶᠢᠨ ᠰᠢᠯᠢᠳᠡᠭ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ ᠰᠢᠨ᠎ᠡ ᠬᠤᠳᠠ ᠲᠣᠭᠤᠷᠢᠭ ᠤᠨ ᠰᠢᠩ ᠾᠦᠸᠧ ᠭᠤᠳᠤᠮᠵᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠲᠠᠨᠢᠯᠴᠠᠭᠤᠯᠬᠤ ᠸᠢᠳᠢᠣ᠋ ᠨᠡᠪᠲᠡᠷᠡᠭᠦᠯᠬᠦ ᠶᠢᠨ ᠬᠠᠮᠲᠤ ᠲᠣᠭᠤᠷᠢᠨ ᠦᠵᠡᠬᠦ ᠪᠦᠯᠬᠦᠮ ᠢ ᠳᠠᠭᠠᠭᠤᠯᠤᠨ ᠲᠥᠪ ᠲᠠᠯᠠᠪᠤᠷ ᠤᠨ ᠣᠷᠴᠢᠨ ᠲᠣᠭᠤᠷᠢᠨ ᠂ ᠴᠢᠳᠠᠪᠬᠢ ᠶᠢᠨ ᠪᠠᠶᠢᠷᠢᠰᠢᠭᠤᠯᠤᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠲᠣᠭᠤᠷᠢᠨ ᠦᠵᠡᠵᠦ᠂ ᠦᠢᠯᠡᠳᠦᠯᠭᠡ ᠶᠢᠨ ᠦᠷᠳᠡᠭᠡ ᠶᠢᠨ ᠪᠣᠯᠪᠠᠰᠤᠨ ᠤ ᠦᠢᠯᠡᠳᠦᠯᠭᠡ ᠶᠢᠨ ᠥᠳᠬᠡᠨ ᠵᠤᠵᠠᠭᠠᠨ ᠠᠭᠤᠷ ᠠᠮᠢᠰᠬᠤᠯ ᠢ ᠢᠯᠡᠷᠡᠭᠦᠯᠪᠡ᠃ ᠬᠤᠲᠤᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠨᠣᠮ ᠪᠢᠴᠢᠭ ᠵᠢᠭᠡᠯᠡᠨ ᠤᠩᠰᠢᠬᠤ᠂ ᠨᠠᠰᠤᠲᠠᠶᠢᠴᠤᠳ ᠢ ᠬᠠᠪᠰᠤᠷᠴᠤ ᠵᠡᠮᠳᠡᠭᠴᠦᠳ ᠢ ᠲᠤᠰᠠᠯᠠᠬᠤ ᠵᠡᠷᠭᠡ ᠪᠦᠷᠢᠨ ᠲᠦᠬᠦᠷ ᠦᠢᠯᠡᠴᠢᠯᠡᠭᠡᠨ ᠤ ᠲᠦᠷᠦᠯ ᠵᠦᠢᠯ ᠪᠠᠶᠢᠵᠤ᠂ ᠦᠢᠯᠡᠳᠦᠯᠭᠡ ᠶᠢᠨ ᠦᠷᠳᠡᠭᠡ ᠶᠢ ᠰᠠᠭᠤᠭᠠᠯᠢ ᠠᠷᠠᠳ ᠤᠨ ᠭᠡᠷ ᠤᠨ ᠡᠭᠦᠳᠡᠨ ᠳᠠᠬᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠪᠣᠯᠭᠠᠨ ᠠᠮᠵᠢᠯᠲᠠ ᠲᠠᠢ ᠪᠠᠶᠢᠭᠤᠯᠵᠠᠢ᠃ ᠲᠤᠬᠠᠶ ᠶᠢᠨ ᠲᠠᠯᠠᠪᠠᠶ ᠳᠤ ᠲᠣᠭᠤᠷᠢᠨ ᠦᠵᠡᠭᠰᠡᠨ ᠭᠡᠰᠢᠭᠦᠳ ᠡᠯ᠎ᠡ ᠦᠢᠯᠡᠳᠦᠯᠭᠡ ᠶᠢᠨ ᠥᠷᠲᠡᠭᠡᠨ ᠤ ᠲᠤᠷᠰᠢᠯᠭ᠎ᠠ ᠶᠢ ᠦᠵᠡᠬᠦ᠂ ᠰᠣᠨᠣᠰᠬᠤ᠂ ᠰᠤᠷᠤᠯᠴᠠᠬᠤ ᠪᠠᠷ ᠳᠠᠮᠵᠢᠭᠤᠯᠤᠨ᠄ ︽ᠡᠨᠡ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠳᠤ ᠮᠠᠰᠢ ᠣᠯᠠᠨ ᠰᠢᠯᠢᠳᠡᠭ ᠲᠤᠷᠰᠢᠯᠭ᠎ᠠ ᠶᠢ ᠰᠤᠷᠤᠯᠴᠠᠭᠰᠠᠨ ᠪᠠᠶᠢᠨ᠎ᠠ᠂ ᠳᠠᠷᠠᠭᠠᠴᠢ ᠶᠢᠨ ᠠᠯᠬᠤᠮ ᠳᠤ ᠪᠢᠳᠡ ᠪᠠᠰᠠ ᠰᠢᠯᠢᠳᠡᠭ ᠲᠤᠷᠰᠢᠯᠭ᠎ᠠ ᠶᠢ ᠦᠢᠯᠡᠳᠦᠯᠭᠡ ᠶᠢᠨ ᠳᠤᠮᠳᠠ ᠬᠡᠷᠡᠭᠯᠡᠬᠦ ᠪᠣᠯᠤᠨ᠎ᠠ︾ ᠭᠡᠵᠦ ᠢᠯᠡᠷᠬᠡᠶᠢᠯᠡᠵᠡᠶ᠃      ᠤᠯᠠᠨ ᠲᠦᠮᠡᠨ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠶᠢᠨ ᠬᠠᠮᠲᠤ ᠰᠠᠭᠤᠭᠠᠯᠢ ᠠᠷᠠᠳ ᠤᠨ ᠬᠡᠷᠡᠭᠴᠡᠭᠡ ᠶᠢᠨ ᠤᠯᠠᠨ ᠶᠠᠩᠵᠤᠴᠢᠯᠠᠭᠰᠠᠨ᠂ ᠥᠪᠡᠷᠮᠢᠴᠡ ᠣᠨᠴᠠᠯᠢᠭ ᠢᠶᠠᠷ ᠲᠤᠪᠤᠶᠢᠮ᠎ᠠ ᠪᠠᠶᠢᠬᠤ ᠶᠢ ᠦᠨᠳᠦᠰᠦᠯᠡᠵᠦ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠦᠳᠦᠯᠦᠨ ᠳᠠᠭᠠᠭᠤᠯᠬᠤ᠂ ᠤᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠮᠧᠲᠷ︾ ᠢ ᠬᠦᠴᠦᠯᠡᠨ ᠨᠡᠪᠲᠡᠷᠡᠭᠦᠯᠦᠨ᠎ᠡ᠃ ᠲᠣᠭᠲᠠᠴᠠ ᠶᠢᠨ ᠲᠠᠯ᠎ᠠ ᠪᠠᠷ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠠᠪᠴᠠᠩ ᠪᠠᠶᠢᠭᠤᠯᠬᠤ᠂ ᠡᠩᠨᠡᠭᠡ ᠪᠠᠨ ᠬᠦᠴᠦᠷᠬᠡᠭᠵᠢᠭᠦᠯᠬᠦ᠂ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠠᠴᠠ ᠭᠠᠷᠳᠠᠵᠤ᠂ ᠤᠯᠠᠨ ᠲᠦᠮᠡᠨ ᠲᠠᠢ ᠣᠶᠢᠷᠠᠳᠬᠤ ᠮᠥᠷᠲᠡᠭᠡᠨ ᠥᠪᠡᠷᠮᠢᠴᠡ ᠣᠨᠴᠠᠯᠢᠭ ᠲᠠᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠠᠮ ᠢᠶᠠᠷ ᠵᠠᠮᠨᠠᠬᠤ ᠪᠠᠷ ᠴᠢᠷᠮᠠᠶᠢᠨ᠎ᠠ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ