ᠦᠴᠤᠸᠠᠨ ᠰᠢᠶᠠᠨ᠄ ᠭᠤᠤᠯ ᠰᠡᠳᠦᠪᠲᠦ ᠬᠥᠮᠦᠵᠢᠯ ᠢᠶᠠᠷ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2023/11/8
      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠦᠷ ᠬᠥᠭᠵᠢᠶᠡᠨ ᠲᠠᠢ ᠶᠠᠪᠤᠭᠳᠠᠵᠤ᠂ ᠠᠵᠤ ᠦᠢᠯᠡᠰ ᠤᠨ ᠬᠥᠭᠵᠢᠯᠲᠡ ᠬᠦᠷ ᠬᠥᠭᠵᠢᠶᠡᠨ ᠲᠠᠢ ᠪᠠᠶᠢᠵᠤ᠂ ᠦᠴᠤᠸᠠᠨ ᠰᠢᠶᠠᠨ ᠤ ᠥᠨᠳᠦᠷᠯᠢᠭ ᠤᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠢᠶᠠᠷ ᠶᠠᠪᠤᠬᠤ ᠳᠤ᠂ ᠦᠢᠯᠡᠳᠪᠦᠷᠢ ᠶᠢᠨ ᠮᠠᠰᠢᠨ ᠨᠢᠵᠢᠭᠢᠨᠡᠵᠦ᠂ ᠲᠡᠷᠭᠡ ᠬᠥᠰᠬᠡ ᠰᠦᠯᠵᠢᠯᠳᠦᠵᠦ᠂ ᠣᠳᠣᠬᠢᠴᠢᠯᠠᠭᠰᠠᠨ ᠦᠢᠯᠡᠳᠪᠦᠷᠢ ᠶᠢᠨ ᠪᠠᠶᠢᠰᠢᠩ ᠤᠳ ᠰᠦᠨᠳᠡᠷᠯᠡᠨ ᠪᠣᠰᠴᠤ᠂ ᠦᠢᠯᠡᠳᠪᠦᠷᠢᠯᠡᠯ ᠤᠨ ᠱᠤᠭᠤᠮ ᠤᠳ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠴᠢᠬᠤᠯᠠ ᠶᠡᠭᠡ ᠲᠦᠷᠦᠯ ᠵᠦᠢᠯ ᠤᠳ ᠢ ᠲᠣᠭᠲᠠᠭᠤᠨ ᠢᠶᠠᠷ ᠬᠡᠷᠡᠭᠵᠢᠭᠦᠯᠦᠨ᠎ᠡ ᠁ ᠭᠠᠵᠠᠷ ᠪᠣᠯᠭᠠᠨ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠦᠷ ᠬᠥᠭᠵᠢᠶᠡᠨ ᠲᠠᠢ ᠪᠠᠶᠢᠳᠠᠯ ᠢᠯᠡᠷᠡᠵᠦ᠂ ᠭᠠᠵᠠᠷ ᠪᠣᠯᠭᠠᠨ ᠳᠤ ᠦᠴᠤᠸᠠᠨ ᠰᠢᠶᠠᠨ ᠤ ᠠᠵᠤ ᠠᠬᠤᠢ ᠶᠢᠨ ᠲᠦᠷᠭᠡᠨ ᠬᠥᠭᠵᠢᠯᠲᠡ ᠶᠢ ᠣᠯᠵᠤ ᠬᠠᠷᠠᠨ᠎ᠠ᠃      ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠦᠴᠤᠸᠠᠨ ᠰᠢᠶᠠᠨ ᠤ ᠬᠢᠨ ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠥᠷᠭᠡᠳᠬᠡᠨ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠴᠢᠬᠤᠯᠠ ᠶᠡᠭᠡ ᠲᠦᠷᠦᠯ ᠵᠦᠢᠯ ᠢᠶᠠᠷ ᠬᠦᠴᠦᠷᠬᠡᠭ ᠬᠥᠳᠡᠯᠭᠡᠭᠦᠷ ᠪᠣᠯᠭᠠᠵᠤ᠂ ᠳᠠᠪᠠᠭᠤᠯᠢᠭ ᠠᠵᠤ ᠦᠢᠯᠡᠰ ᠢᠶᠠᠷ ᠭᠤᠣᠯ ᠭᠠᠷᠳᠠᠴᠠ ᠪᠣᠯᠭᠠᠭᠰᠠᠨ ᠪᠠᠶᠢᠨ᠎ᠠ᠃      2023 ᠣᠨ ᠳᠤ ᠪᠦᠬᠦ ᠰᠢᠶᠠᠨ ᠢᠶᠠᠷ ᠢᠶᠠᠨ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ 82 ᠬᠡᠷᠡᠭᠵᠢᠭᠦᠯᠵᠦ ᠂ ᠶᠡᠷᠦᠩᠬᠡᠢ ᠪᠡᠯᠡ ᠣᠷᠣᠭᠤᠯᠤᠯᠲᠠ ᠨᠢ 127.99 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠲᠥᠯᠥᠪᠯᠡᠭᠡ ᠪᠠᠷ 72.02 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠳᠣᠬᠠᠨ ᠳᠤ 83.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠠᠵᠤ ᠠᠬᠤᠶ ᠶᠢᠨ ᠬᠥᠭᠵᠢᠯᠲᠡ᠂ ᠥᠨᠳᠥᠷ ᠲᠤ ᠵᠣᠭᠰᠣᠨ ᠠᠯᠤᠰ ᠢ ᠪᠠᠷᠠᠯᠠᠵᠤ ᠲᠥᠯᠥᠪᠵᠢᠭᠦᠯᠦᠨ ᠪᠠᠶᠢᠷᠢᠰᠢᠭᠤᠯᠬᠤ ᠠᠴᠠ ᠰᠠᠯᠵᠤ ᠴᠢᠳᠠᠬᠤ ᠦᠭᠡᠶ᠂ ᠦᠴᠤᠸᠠᠨ ᠰᠢᠶᠠᠨ ᠤ ᠬᠢᠨ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠥᠷᠨᠢᠭᠦᠯᠬᠦ ᠶᠢ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠪᠠᠶᠢᠴᠠᠭᠠᠨ ᠰᠤᠳᠤᠯᠤᠯᠲᠠ ᠪᠠᠷ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠨᠠᠷᠢᠯᠢᠭ ᠣᠨᠣᠴᠢᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ ᠨᠠᠶᠢᠳᠠᠪᠤᠷᠢᠵᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠣᠷᠣᠨ ᠤ ᠲᠥᠪ ᠢ ᠬᠦᠴᠦᠷᠭᠡᠭᠵᠢᠬᠦᠯᠬᠦ︾ ᠢᠨᠵᠧᠨᠧᠷᠢᠩ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ ︽ᠭᠤᠷᠪᠠᠨ ᠠᠵᠢᠯ︾ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠷᠠᠳ ᠢ ᠪᠠᠶᠠᠵᠢᠭᠤᠯᠬᠤ ᠪᠠ ᠰᠢᠶᠠᠨ ᠢ ᠬᠦᠴᠦᠷᠬᠡᠭᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠥᠨᠳᠦᠷᠯᠢᠭ ᠤᠨ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢᠨ ᠭᠠᠵᠠᠷ᠂ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠠᠭᠤᠷᠢᠨ ᠭᠠᠵᠠᠷ ︽ᠳᠥᠷᠪᠡᠨ ᠠᠵᠤ ᠦᠶ᠋ᠯᠡᠰ ᠤᠨ ᠰᠠᠭᠤᠷᠢᠨ ᠭᠠᠵᠠᠷ︾ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠠᠵᠤ ᠦᠶ᠋ᠯᠡᠰ ᠢᠶᠠᠷ ᠰᠢᠶᠠᠨ ᠤ ᠬᠡᠪᠴᠢᠶᠡᠨ ᠤ ᠠᠵᠤ ᠠᠬᠤᠶ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠪᠠ᠃ ᠠᠵᠤ ᠦᠢᠯᠡᠰ ᠬᠥᠭᠵᠢᠪᠡᠯ ᠰᠢᠶᠠᠨ ᠤ ᠬᠡᠪᠴᠢᠶ᠎ᠡ ᠬᠥᠭᠵᠢᠵᠦ᠂ ᠠᠵᠤ ᠦᠢᠯᠡᠰ ᠬᠦᠴᠦᠷᠬᠡᠭᠵᠢᠪᠡᠯ ᠰᠢᠶᠠᠨ ᠤ ᠬᠡᠪᠴᠢᠶ᠎ᠡ ᠬᠦᠴᠦᠷᠬᠡᠭᠵᠢᠨ᠎ᠡ᠃ ᠦᠴᠤᠸᠠᠨ ᠰᠢᠶᠠᠨ ᠤ ᠬᠢᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ᠰᠢᠶᠠᠨ ᠤ ᠬᠡᠪᠴᠢᠶᠡᠨ ᠤ ᠪᠣᠳᠠᠲᠠᠢ ᠲᠠᠢ ᠤᠶᠠᠯᠳᠤᠭᠤᠯᠵᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠰᠡᠨ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠤᠯᠠᠮᠵᠢᠯᠠᠯᠲᠤ ᠠᠵᠤ ᠦᠢᠯᠡᠰ ᠢ ᠶᠡᠬᠡᠪᠡᠷ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠶᠢ ᠲᠦᠷᠭᠡᠳᠬᠡᠵᠦ᠂ ᠠᠵᠤ ᠠᠬᠤᠢ ᠶᠢᠨ ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠪᠡ᠃ ᠥᠨᠳᠦᠷᠯᠢᠭ ᠤᠨ ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠲᠠᠯ᠎ᠠ ᠪᠠᠷ᠂ ᠨᠣᠬᠠᠶ ᠶᠢᠨ ᠬᠤᠰᠢᠭᠤ᠂ ᠨᠦᠢᠯ ᠪᠤᠭᠤᠳᠠᠢ᠂ ᠲᠥᠮᠥᠰᠥ᠂ ᠤᠯᠠᠭᠠᠨ ᠪᠤᠭᠤᠳᠠᠢ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠰᠢᠯᠢᠳᠡᠭ ᠨᠡᠷᠡᠳᠦ ᠪᠦᠲᠦᠭᠡᠭᠳᠡᠬᠦᠨ ᠢ ᠬᠡᠪᠴᠢᠶᠡᠵᠢᠭᠦᠯᠦᠨ ᠲᠠᠷᠢᠬᠤ ᠶᠢ ᠦᠷᠭᠦᠯᠵᠢᠯᠡᠨ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠶᠠᠨ ᠬᠥ᠋ ᠹᠠᠩ ᠤᠨ ᠨᠠᠰᠳᠠᠺ ᠤᠨ ᠵᠠᠬ᠎ᠠ ᠳᠡᠯᠭᠡᠭᠦᠷ ᠲᠤ ᠭᠠᠷᠬᠤ᠂ ᠥᠨᠳᠦᠷᠯᠢᠭ ᠤᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠵᠥᠪᠰᠢᠶᠡᠷᠡᠭᠰᠡᠨ ᠨᠡᠷᠡᠰ ᠲᠤ ᠣᠷᠣᠬᠤ ᠶᠢ ᠠᠬᠢᠭᠤᠯᠵᠤ᠂ ᠶᠢᠨ ᠼᠤᠤ ᠶᠤᠸᠠᠨ᠂ ᠬᠤᠸᠠ ᠯᠠᠢ ᠱᠢ᠂ ᠰᠢᠨ ᠬᠤᠸᠠ ᠬᠦᠢᠲᠡᠨ ᠬᠡᠯᠬᠢᠶ᠎ᠡ ᠵᠡᠷᠭᠡ ᠨᠢᠭᠡ ᠪᠦᠯᠦᠭ ︽ᠬᠡᠯᠬᠢᠶ᠎ᠡ︾ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠳ᠋ᠦᠸᠧ ᠲᠠᠢ ᠨᠢᠭᠤᠷ ᠤᠨ ᠵᠤᠯᠤᠮ᠎ᠠ᠂ ᠨᠣᠬᠠᠶ ᠶᠢᠨ ᠬᠤᠰᠢᠭᠤ ᠶᠢᠨ ᠦᠷᠡᠵᠢᠯᠲᠦ ᠪᠠᠺᠲ᠋ᠧᠷᠢ ᠵᠡᠷᠭᠡ 300 ᠭᠠᠷᠤᠶ ᠵᠦᠢᠯ ᠤᠨ ᠲᠤᠰᠬᠠᠶ ᠠᠰᠢᠭ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠠᠬᠢᠭᠤᠯᠵᠤ᠂ ᠥᠨᠳᠦᠷᠯᠢᠭ ᠤᠨ ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢ ᠠᠮᠵᠢᠯᠲᠠ ᠲᠠᠢ ᠨᠡᠶᠢᠲᠡᠯᠡᠵᠦ᠂ ᠳᠡᠭᠡᠳᠦ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠤᠪᠢ ᠶᠢ ᠵᠠᠪᠳᠤᠨ ᠡᠵᠡᠯᠡᠵᠦ᠂ ᠲᠠᠷᠢᠮᠠᠯ ᠤᠨ ᠬᠠᠶᠠᠭᠳᠠᠮᠠᠯ ᠮᠠᠲ᠋ᠧᠷᠢᠶᠠᠯ ᠤᠨ ᠣᠷᠴᠢᠯ ᠠᠵᠤ ᠦᠶ᠋ᠯᠡᠰ ᠢ ᠬᠥᠭᠵᠢᠭᠦᠯᠦᠨ᠂ ᠡᠬᠢ ᠪᠠᠶᠠᠯᠢᠭ ᠤᠨ ︽ᠲᠤᠶᠢᠯ ᠳᠤᠨᠢ ᠬᠦᠷᠲᠡᠯ᠎ᠡ ᠠᠰᠢᠭᠯᠠᠬᠤ︾ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ᠃ ᠰᠣᠶᠣᠯ ᠵᠤᠭᠠᠴᠠᠯ ᠤᠨ ᠠᠵᠤ ᠦᠢᠯᠡᠰ ᠢ ᠠᠬᠢᠭᠤᠯᠬᠤ ᠲᠠᠯ᠎ᠠ ᠪᠠᠷ᠂ ᠬᠤᠶᠠᠷ ᠤᠯᠤᠰ ᠤᠨ 4A ᠳᠡᠰ ᠤᠨ ᠦᠵᠡᠮᠵᠢ ᠶᠢᠨ ᠣᠷᠣᠨ ᠳᠠᠯᠠᠨ ᠬᠠᠷ᠎ᠠ ᠠᠭᠤᠯᠠᠨ ᠤ ᠬᠤᠪᠢᠰᠬᠠᠯ ᠤᠨ ᠵᠢᠭᠤᠯᠴᠢᠯᠠᠯ ᠪᠠ ︽ᠲᠠᠯ᠎ᠠ ᠨᠤᠲᠤᠭ ᠤᠨ ᠡᠭᠦᠳᠡ︾ ᠶᠢᠨ ᠰᠣᠶᠣᠯ ᠤᠨ ᠵᠢᠭᠤᠯᠴᠢᠯᠠᠯ ᠢ ᠠᠮᠵᠢᠯᠲᠠ ᠲᠠᠢ ᠪᠠᠶᠢᠭᠤᠯᠵᠤ᠂ ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ ᠶᠢᠨ ᠦᠵᠡᠮᠵᠢ ᠶᠢᠨ ᠣᠷᠣᠨ᠂ ᠤᠮᠠᠷᠠᠲᠤ ᠸᠧᠢ ᠤᠯᠤᠰ ᠤᠨ ᠮᠦᠽᠧᠢ ᠶᠢᠨ ᠪᠦᠳᠦᠭᠡᠨ ᠪᠠᠶᠢᠭᠤᠯᠤᠯᠲᠠ ᠡᠵᠡᠩᠨᠡᠯᠲᠡ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠣᠩᠭᠤᠨ ᠳᠠᠪᠠᠭᠠᠨ ᠣᠷᠤᠢ ᠶᠢᠨ ᠪᠠᠭᠤᠷᠢ᠂ ᠶᠢᠨ ᠵᠢᠶᠧ ᠬᠤᠤ ᠶᠢᠨ ᠤᠷᠳᠤ ᠴᠠᠭᠠᠨ ᠬᠡᠷᠡᠮ ᠤᠨ ᠪᠠᠭᠤᠷᠢ ᠶᠢᠨ ᠴᠡᠴᠡᠷᠯᠢᠭ ᠵᠡᠷᠭᠡ ᠨᠢᠭᠡ ᠪᠦᠯᠦᠭ ᠰᠣᠶᠣᠯ ᠵᠤᠭᠠᠴᠠᠯ ᠤᠨ ᠲᠦᠷᠦᠯ ᠵᠦᠢᠯ ᠢ ᠲᠥᠯᠥᠪᠵᠢᠭᠦᠯᠵᠦ᠂ ᠨᠣᠬᠠᠶ ᠶᠢᠨ ᠬᠤᠰᠢᠭᠤ ᠶᠢᠨ ᠰᠣᠶᠣᠯ ᠤᠨ ᠨᠠᠶᠢᠷ᠂ ᠨᠦᠢᠯ ᠪᠤᠭᠤᠳᠠᠢ ᠶᠢᠨ ᠬᠠᠳᠤᠭᠤᠷ ᠤᠨ ᠨᠠᠶᠢᠷ ᠵᠡᠷᠭᠡ ᠤᠨᠴᠠᠯᠢᠬᠳᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠦᠷᠦᠭᠦᠦ ᠭᠤᠷᠪᠠᠨ ᠤᠯᠠᠷᠢᠯ ᠳᠤ 46.8 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 44% ᠨᠡᠮᠡᠭᠳᠡᠵᠦ᠂ ᠨᠡᠶᠢᠳᠡ 8424 ᠲᠦᠮᠡᠨ ᠲᠥᠭᠦᠷᠢᠭ ᠤᠨ ᠣᠷᠣᠯᠭ᠎ᠠ ᠣᠯᠵᠠᠢ᠃ ᠴᠡᠪᠡᠷ ᠡᠨᠧᠷᠭᠢ ᠶᠢ ᠭᠠᠳᠠᠭᠰᠢ ᠭᠠᠷᠭᠠᠵᠤ ᠪᠠᠭᠲᠠᠭᠠᠨ ᠰᠢᠩᠭᠡᠭᠡᠬᠦ ᠶᠢ ᠲᠦᠷᠭᠡᠳᠬᠡᠬᠦ ᠲᠠᠯ᠎ᠠ ᠪᠠᠷ᠂ ᠶᠤᠸᠠᠨ ᠵᠢᠩ  ᠤᠨ 40 ᠲᠦᠮᠡᠨ ᠺᠢᠯᠣᠸᠠᠲ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠠᠮᠵᠢᠯᠲᠠ ᠲᠠᠢ ᠪᠠᠷ ᠰᠦᠯᠵᠢᠶ᠎ᠡ ᠳᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠯᠬᠢᠨ ᠠᠬᠢᠭᠤᠯᠵᠤ᠂ ᠤᠮᠠᠷᠠᠲᠤ ᠣᠷᠣᠨ ᠤ ᠬᠠᠮᠲᠤᠷᠠᠭᠰᠠᠨ ᠴᠠᠬᠢᠯᠭᠠᠨ ᠬᠦᠴᠦᠨ ᠤ 25 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠵᠢᠯ ᠤᠨ ᠡᠴᠦᠰ ᠠᠴᠠ ᠡᠮᠦᠨ᠎ᠡ ᠰᠦᠯᠵᠢᠶ᠎ᠡ ᠳᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠡᠪᠡᠷ ᠡᠨᠧᠷᠭᠢ ᠶᠢᠨ ᠰᠤᠷᠪᠤᠯᠵᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢᠭᠡᠨᠲᠡ 300 ᠲᠦᠮᠡᠨ ᠺᠢᠯᠣᠸᠠᠲ ᠢ ᠳᠠᠪᠠᠪᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠰᠠᠶᠢᠲᠤᠷ ᠠᠳᠬᠤᠬᠤ ᠲᠠᠯ᠎ᠠ ᠪᠠᠷ᠂ ᠠᠮᠢ ᠠᠬᠤᠶ ᠶᠢᠨ ᠬᠠᠮᠠᠭᠠᠯᠠᠯᠲᠠ ᠪᠠ ᠠᠶᠤᠯᠭᠦᠶ ᠦᠢᠯᠡᠳᠪᠦᠷᠢᠯᠡᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ 2 ᠠᠭᠤᠷᠬᠠᠶ ᠶᠢᠨ ᠠᠵᠤ ᠠᠬᠤᠶᠢᠯᠠᠯ᠂ 8 ᠠᠭᠤᠷᠬᠠᠶ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ᠂ ᠵᠢᠢ ᠳ᠋ᠦᠩ ᠴᠤᠬᠤᠢ ᠶᠢᠨ ᠴᠢᠯᠠᠭᠤᠯᠢᠭ ᠤᠨ ᠠᠭᠤᠷᠬᠠᠶ᠂ ᠰᠢᠨ᠎ᠡ ᠮᠠᠲ᠋ᠧᠷᠢᠶᠠᠯ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠠᠬᠢᠨ ᠠᠰᠢᠭᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ᠂ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢ ᠪᠡᠶᠡᠯᠡᠭᠦᠯᠵᠦ᠂ ᠳᠡᠭᠡᠳᠦ ᠳᠤᠤᠷᠠᠳᠤ ᠤᠷᠤᠰᠬᠠᠯ ᠤᠨ ᠪᠣᠬᠢᠷᠲᠤᠯ ᠦᠭᠡᠢ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠪᠦᠬᠦ ᠰᠢᠶᠠᠨ ᠤ ᠳᠠᠪᠠᠭᠤᠯᠢᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠶᠢ ᠲᠦᠷᠭᠡᠳᠬᠡᠪᠡ       ᠰᠠᠩ ᠬᠥᠮᠥᠷᠭᠡ ᠡᠯᠪᠡᠭ ᠳᠡᠯᠪᠡᠭ ᠪᠣᠯᠪᠠᠰᠤ ᠠᠷᠠᠳ ᠤᠨ ᠰᠡᠳᠬᠢᠯ ᠠᠮᠤᠭᠤᠯᠠᠩ ᠪᠣᠯᠤᠮᠤᠶ᠂ ᠠᠵᠤ ᠦᠢᠯᠡᠰ ᠬᠦᠴᠦᠷᠬᠡᠭᠵᠢᠪᠡᠰᠦ ᠠᠯᠢᠪᠠ ᠦᠢᠯᠡᠰ ᠬᠥᠭᠵᠢᠨ ᠮᠠᠨᠳᠤᠮᠤᠶ᠃ ᠤᠳᠤ᠂ ᠦᠴᠤᠸᠠᠨ ᠤ ᠡᠬᠡ ᠭᠠᠵᠠᠷ ᠲᠤ᠂ ᠬᠥᠳᠡᠭᠡ ᠲᠣᠰᠬᠤᠨ ᠤ ᠦᠩᠭᠡ ᠦᠵᠡᠮᠵᠢ ᠵᠢᠷᠤᠭ ᠮᠡᠲᠦ ᠭᠤᠶᠤ ᠰᠠᠶᠢᠬᠠᠨ᠂ ᠡᠯ᠎ᠡ ᠵᠦᠢᠯ ᠤᠨ ᠠᠵᠤ ᠦᠢᠯᠡᠰ ᠥᠷᠨᠢᠭᠦᠨ ᠬᠥᠭᠵᠢᠵᠦ᠂ ᠠᠷᠠᠳ ᠤᠯᠠᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠨ ᠮᠠᠨᠳᠤᠵᠤ᠂ ᠦᠴᠤᠸᠠᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠷᠳᠠᠩ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠵᠤ ᠪᠠᠶᠢᠨ᠎ᠠ᠃
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ