11 ᠳ᠋ᠦ᠋ᠭᠡᠷ ᠰᠠᠷ᠎ᠠ ᠶᠢᠨ 6 ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠡᠷᠭᠢᠯᠡᠭᠰᠡᠨ ︽ᠭᠠᠶᠢᠯᠢ ᠰᠦᠢᠳᠬᠡᠯ ᠤᠨ ᠬᠠᠷᠠᠭᠠᠯᠵᠠᠯ ᠢᠶᠠᠷ ᠬᠥᠭᠵᠢᠯᠲᠡ ᠶᠢ ᠠᠬᠢᠭᠤᠯᠵᠤ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠠᠮᠢᠵᠢᠷᠠᠯ ᠤᠨ ᠬᠦᠴᠦᠨ ᠢ ᠨᠢ ᠬᠥᠭᠵᠢᠭᠡᠨ᠎ᠡ︾ ᠰᠣᠨᠢᠨ ᠮᠡᠳᠡᠭᠡᠨ ᠤ ᠵᠠᠭᠤᠴᠢᠯᠠᠭᠤᠷ ᠤᠨ | ᠭᠠᠶᠢᠯᠢ ᠶᠢᠨ ᠶᠠᠪᠤᠳᠠᠯ ᠤᠨ ᠠᠶᠠᠨ ᠮᠠᠨ ᠤ ᠬᠤᠲᠠ ᠳᠤ ᠡᠬᠢᠯᠡᠪᠡ᠃ | ᠲᠤᠰ ᠤᠳᠠᠭᠠᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠭᠠᠶᠢᠯᠢ ᠶᠢᠨ ᠶᠠᠪᠤᠳᠠᠯ ᠤᠨ ᠠᠶᠠᠨ ᠤ ᠨᠢᠭᠡᠳᠦᠭᠡᠷ ᠥᠷᠲᠡᠭᠡ ᠳᠤ᠂ ᠲᠥᠪ ᠤᠨ | ᠳᠡᠰ ᠤᠨ ᠰᠣᠨᠢᠨ ᠮᠡᠳᠡᠭᠡᠨ ᠤ ᠵᠠᠭᠤᠴᠢᠯᠠᠭᠤᠷ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠣᠨᠢᠨ ᠮᠡᠳᠡᠭᠡᠨ ᠤ ᠵᠠᠭᠤᠴᠢᠯᠠᠭᠤᠷ᠂ ᠬᠤᠯᠪᠣᠭᠳᠠᠯ ᠪᠦᠬᠦᠢ | ᠠᠶᠢᠮᠠᠭ ᠬᠤᠲᠠ ᠶᠢᠨ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠲᠥᠯᠥᠭᠡᠯᠡᠭᠴᠢ ᠵᠢᠴᠢ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ | ᠠᠵᠢᠯᠲᠠᠨ ᠨᠢᠭᠡ ᠡᠳᠦᠷ ᠤᠨ ᠴᠠᠭ ᠢ ᠠᠰᠢᠭᠯᠠᠵᠤ ᠤᠷᠢᠳ ᠬᠤᠵᠢᠳ ᠮᠠᠨ ᠤ ᠬᠤᠲᠠ ᠶᠢᠨ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ︵ᠪᠦᠯᠦᠭᠯᠡᠯ︶ | ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ | ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠰᠤᠳᠤᠯᠤᠨ ᠨᠡᠭᠡᠭᠡᠬᠦ | ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ᠂ ᠥᠷᠲᠡᠭ ᠨᠡᠮᠡᠭᠳᠡᠯ ᠤᠨ ᠭᠠᠶᠢᠯᠢ ᠶᠢ ᠦᠯᠡᠳᠡᠭᠡᠨ ᠲᠤᠯᠭᠠᠵᠤ ᠪᠤᠴᠠᠭᠠᠬᠤ | ᠲᠥᠷᠥ ᠶᠢᠨ ᠪᠣᠳᠣᠯᠭ᠎ᠠ ᠵᠡᠷᠭᠡ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ | ᠠᠵᠤ ᠠᠬᠤᠶᠢᠯᠠᠯ ᠤᠨ ᠬᠥᠭᠵᠢᠯᠲᠡ ᠶᠢ ᠬᠠᠪᠰᠤᠷᠤᠨ ᠲᠡᠳᠬᠦᠭᠰᠡᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠤᠰᠠᠯᠠᠭᠰᠠᠨ ᠲᠠᠯ᠎ᠠ ᠪᠠᠷ | ᠬᠢ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠ ᠢᠯᠡᠳᠲᠡ ᠦᠷ᠎ᠡ ᠪᠦᠲᠦᠮᠵᠢ ᠶᠢ ᠪᠡᠶ᠎ᠡ ᠪᠠᠷ ᠢᠶᠠᠨ ᠮᠡᠳᠡᠷᠡᠵᠡᠢ᠃ | ᠠᠩᠬᠠᠷᠤᠭᠤᠰᠢᠲᠠᠢ ᠨᠢ᠂ ᠣᠶᠢᠷ᠎ᠠ ᠶᠢᠨ ᠵᠢᠯ ᠳᠤ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠷᠭᠦᠯᠵᠢᠯᠡᠨ | ᠪᠠᠳᠠᠷᠠᠭᠤᠯᠵᠤ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠳᠤ ᠲᠤᠰᠠᠯᠠᠬᠤ ᠶᠢᠨ ᠲᠦᠯᠦᠭᠡ᠂ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠠᠴᠠ ᠬᠤᠲᠠ ᠶᠢᠨ ᠡᠪᠯᠡᠯ ᠤᠨ ᠬᠤᠷᠢᠶ᠎ᠠ ᠲᠠᠢ ᠬᠠᠮᠲᠤᠷᠠᠨ ᠪᠦᠬᠦ ᠬᠤᠲᠠ ᠳᠤ 16 ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ | ᠰᠠᠭᠤᠷᠢᠨ ᠭᠠᠵᠠᠷ ᠪᠠᠶᠢᠭᠤᠯᠵᠤ᠂ ᠡᠭᠦᠨ ᠳᠤ 6 ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ | ᠰᠠᠭᠤᠷᠢᠨ ᠭᠠᠵᠠᠷ ᠨᠢ ᠣᠷᠣᠨ ᠤ ᠲᠥᠪ ᠤᠨ ᠣᠨᠴᠠᠯᠢᠭᠲᠤ ᠠᠵᠤ ᠦᠢᠯᠡᠰ ᠲᠤ ᠭᠤᠣᠯᠳᠠᠯᠭ᠎ᠠ ᠲᠠᠢ ᠦᠢᠯᠡᠴᠢᠯᠡᠵᠦ᠂ ᠡᠯ᠎ᠡ ᠭᠠᠶᠢᠯᠢ ᠲᠠᠲᠠᠪᠤᠷᠢ ᠶᠢᠨ | ᠦᠢᠯᠡᠴᠢᠯᠡᠭᠡᠨ ᠤ ᠰᠠᠭᠤᠷᠢᠨ ᠭᠠᠵᠠᠷ ᠨᠢ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠷᠴᠦ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠨᠠᠷᠢᠯᠢᠭ | ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠰᠠᠷ᠎ᠠ ᠪᠦᠷᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ | ᠵᠠᠬᠢᠶᠠᠯᠠᠭ᠎ᠠ︾ ᠶᠢᠨ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ᠡᠭᠦᠨ ᠠᠴᠠ ᠭᠠᠳᠠᠨ᠎ᠠ᠂ ᠡᠨᠡ ᠵᠢᠯ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠶᠢᠨ ᠣᠶᠣᠨᠴᠢ ᠬᠢᠨᠠᠯᠲᠠ︾ ᠠᠵᠤ ᠠᠬᠤᠶᠢᠯᠠᠯ ᠳᠤ ᠬᠦᠷᠴᠦ ᠦᠢᠯᠡᠴᠢᠯᠡᠬᠦ ᠦᠢᠯᠡᠴᠢᠯᠡᠭᠡ ᠶᠢᠨ | ᠬᠢᠨᠠᠯᠲᠠ ᠶᠢᠨ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠭᠠᠶᠢᠯᠢ ᠲᠤᠰᠢᠶᠠᠭᠴᠢ ᠠᠴᠠ ᠭᠠᠶᠢᠯᠢ ᠶᠢᠨ ᠶᠠᠪᠤᠳᠠᠯ ᠤᠨ ᠺᠠᠳ᠋ᠷ ᠤᠨ ᠠᠵᠤ ᠠᠬᠤᠶᠢᠯᠠᠯ ᠳᠤ | ᠬᠦᠷᠴᠦ ᠦᠢᠯᠡᠴᠢᠯᠡᠬᠦ ᠦᠢᠯᠡᠴᠢᠯᠡᠭᠡ ᠳᠤ ᠦᠨᠡᠯᠡᠯᠲᠡ ᠬᠢᠵᠦ᠂ ︽ᠢᠨᠲ᠋ᠧᠷ ᠰᠦᠯᠵᠢᠶ᠎ᠡ + ᠲᠣᠮᠣ ᠳ᠋ᠠᠶᠢᠲ᠋ᠠ + ᠬᠢᠨᠠᠯᠲᠠ︾ ᠪᠠᠷ ᠳᠠᠮᠵᠢᠭᠤᠯᠤᠨ᠂ ᠭᠠᠶᠢᠯᠢ | ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢᠨ ᠮᠥᠷᠳᠡᠵᠦ ᠪᠣᠯᠬᠤ᠂ ᠦᠨᠡᠯᠡᠵᠦ ᠪᠣᠯᠬᠤ᠂ ᠨᠤᠷᠮᠠᠵᠢᠭᠤᠯᠵᠤ ᠪᠣᠯᠬᠤ ᠶᠢ ᠦᠨᠡᠨ ᠬᠦ ᠪᠠᠲᠤᠯᠠᠵᠤ᠂ ᠭᠠᠶᠢᠯᠢ | ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠢᠨᠠᠯᠲᠠ ᠶᠢᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠡᠢ᠃ |