ᠬᠥᠬᠡᠬᠤᠲᠠ ᠶᠢᠨ ᠰᠢᠨ᠎ᠡ ᠡᠨᠧᠷᠭᠢ ᠶᠢᠨ ︽1+2+N︾ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠬᠤᠯᠪᠣᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/12/1
ᠬᠤᠳᠠ ᠶᠢᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ 18 ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ  ᠪᠣᠣ ᠭᠠᠩ ᠬᠤᠷᠠᠯ ᠳᠤ ᠣᠷᠣᠯᠴᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠭᠡᠷᠡᠴᠢᠯᠡᠵᠦ   ᠾᠧ ᠬᠠᠢ ᠳ᠋ᠦᠩ ᠶᠠᠷᠢᠶ᠎ᠠ ᠲᠠᠯᠪᠢᠪᠠ      ︵ᠰᠤᠷᠪᠤᠯᠵᠢᠯᠠᠭᠴᠢ ᠠᠷᠢᠭᠤᠨ᠎ᠠ ᠯᠢ ᠬᠠᠢ ᠵᠧᠨ︶ 11 ᠳ᠋ᠦ᠋ᠭᠡᠷ ᠰᠠᠷ᠎ᠠ ᠶᠢᠨ 30 ᠤ ᠡᠳᠦᠷ᠂ ᠮᠠᠨ ᠤ ᠬᠤᠳᠠ ᠰᠢᠨ᠎ᠡ ᠡᠨᠧᠷᠭᠢ ᠶᠢᠨ ︽1+2+N︾ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠵᠢᠴᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠣᠰᠣᠯᠠᠯ ᠬᠢᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠢᠦᠢ ᠬᠠᠢ ᠢᠦᠢ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠨ ᠬᠤᠩ ᠭᠤᠸᠠᠩ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠬᠤᠸ ᡁᠢ ᠴᠢᠶᠠᠩ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠢ ᠹᠧᠩ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠯᠢ ᠸᠧᠨ ᠵᠥᠩ ᠣᠷᠣᠯᠴᠠᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠮᠠᠨ ᠤ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠬᠥᠬᠡᠬᠤᠲᠠ ᠶᠢᠨ ᠰᠢᠨ᠎ᠡ ᠡᠨᠧᠷᠭᠢ ᠶᠢᠨ ︽1+2+N︾ ᠠᠵᠤ ᠦᠢᠯᠡᠰ ᠤᠨ ᠬᠡᠯᠬᠢᠶᠡᠨ ᠤ ᠠᠮᠢ ᠠᠬᠤᠢ ᠶᠢᠨ ᠬᠤᠯᠪᠣᠭ᠎ᠠ ᠵᠢᠩᠬᠢᠨᠢ ᠪᠠᠷ ᠪᠠᠶᠢᠭᠤᠯᠤᠭᠳᠠᠭᠰᠠᠨ ᠢ ᠵᠠᠷᠯᠠᠪᠠ᠃      ᠾᠧ ᠬᠠᠢ ᠳ᠋ᠦᠩ ᠬᠡᠯᠡᠬᠦ ᠳᠡᠭᠡᠨ᠂ ᠬᠥᠬᠡᠬᠤᠲᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ ᠴᠢᠬᠤᠯᠠ ᠱᠠᠭᠠᠷᠳᠠᠯᠭ᠎ᠠ  ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠠᠯᠬᠢ ᠭᠡᠷᠡᠯ ᠤᠨ ᠡᠬᠢ ᠪᠠᠶᠠᠯᠢᠭ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠲᠣᠣᠷ᠂ ᠣᠷᠣᠨ ᠤ ᠲᠥᠪ ᠤᠨ ᠠᠵᠤ ᠦᠢᠯᠡᠰ ᠤᠨ ᠪᠥᠭᠡᠮᠨᠡᠷᠡᠯ᠂ ᠡᠨᠧᠷᠭᠢ ᠬᠠᠳᠠᠭᠠᠯᠠᠬᠤ ᠮᠡᠷᠭᠡᠵᠢᠯ ᠤᠨ ᠬᠥᠭᠵᠢᠯᠲᠡ ︽ᠳᠥᠷᠪᠡᠨ ᠶᠡᠭᠡ ᠳᠠᠪᠠᠭᠤᠯᠢᠭ︾ ᠢ ᠭᠦᠢᠴᠡᠳ ᠪᠠᠳᠠᠷᠠᠭᠤᠯᠵᠤ᠂ ︽ᠡᠬᠢ ᠰᠤᠷᠪᠤᠯᠵᠢ᠂ ᠲᠣᠣᠷ᠂ ᠴᠡᠨᠡᠭ᠂ ᠨᠥᠭᠡᠴᠡ᠂ ᠦᠢᠯᠡᠳᠬᠦ︾ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠳᠡᠭᠡᠳᠦ ᠬᠡᠮᠵᠢᠶ᠎ᠡ ᠪᠠᠷ ᠠᠭᠤᠰᠤᠯᠴᠠᠭᠰᠠᠨ ᠨᠣᠭᠤᠭᠠᠨ ᠴᠠᠬᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠪᠥᠬᠦ ᠤᠯᠤᠰ ᠤᠨ ᠨᠣᠭᠤᠭᠠᠨ ᠴᠠᠬᠢᠯᠭᠠᠨ ᠢ ᠰᠢᠩᠭᠡᠭᠡᠬᠦ ᠲᠥᠪ ᠪᠣᠯᠭᠠᠬᠤ ᠶᠢ ᠠᠬᠢᠭᠤᠯᠤᠨ᠎ᠠ᠃ ︽1+2+N︾ ᠠᠵᠤ ᠦᠢᠯᠡᠰ ᠤᠨ ᠬᠡᠯᠬᠢᠶ᠎ᠡ ᠶᠢᠨ ᠬᠤᠯᠪᠣᠭ᠎ᠠ ᠶᠢ ᠪᠠᠶᠢᠭᠤᠯᠬᠤ ᠨᠢ ᠡᠨᠧᠷᠭᠢ ᠶᠢᠨ ᠠᠵᠤ ᠠᠬᠤᠶᠢᠯᠠᠯ ᠤᠨ ᠭᠦᠨᠵᠡᠭᠡᠢ ᠬᠠᠮᠲᠤᠷᠠᠯᠴᠠᠭ᠎ᠠ ᠶᠢ ᠪᠦᠲᠦᠮᠵᠢᠲᠡᠶ ᠠᠬᠢᠭᠤᠯᠵᠤ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠤᠨ ᠦᠢᠯᠡᠳᠦᠯ ᠢ ᠶᠡᠬᠡᠰᠬᠡᠵᠦ ᠴᠢᠳᠠᠬᠤ ᠮᠥᠷᠲᠡᠭᠡᠨ ᠪᠠᠰᠠ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠮᠧᠩ ᠨᠧᠩ ᠪᠦᠯᠦᠭᠯᠡᠯ ᠬᠤᠶᠠᠷ ᠲᠣᠮᠣ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠠᠰᠢᠭᠲᠠᠢ ᠪᠠᠶᠢᠵᠤ᠂ ᠡᠳᠦᠢ ᠲᠡᠳᠦᠢ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠶᠤᠮ᠃ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠤᠳ ᠠᠵᠢᠯᠯᠠᠭ᠎ᠠ ᠳᠡᠭᠡᠷ᠎ᠡ ᠪᠠᠨ ᠲᠦᠷᠭᠡᠯᠡᠵᠦ᠂ ᠵᠣᠯᠭᠠᠭᠤᠯᠬᠤ ᠪᠠᠨ ᠴᠢᠩᠭᠠᠳᠬᠠᠵᠤ᠂ ᠪᠣᠳᠠᠲᠠᠢ ᠬᠠᠮᠲᠤᠷᠠᠯᠴᠠᠵᠤ᠂ ᠬᠤᠯᠠ ᠶᠢ ᠲᠥᠯᠥᠪᠵᠢᠭᠦᠯᠦᠨ᠂ ᠭᠦᠨᠵᠡᠭᠡᠢ ᠵᠣᠯᠭᠠᠭᠤᠯᠵᠤ ᠪᠣᠯᠬᠤ ᠶᠢ ᠨᠢ ᠳᠠᠷᠤᠢ ᠲᠦᠷᠭᠡᠨ ᠵᠣᠯᠭᠠᠭᠤᠯᠵᠤ᠂ ᠡᠮᠦᠨᠡᠬᠢ ᠬᠤᠭᠤᠴᠠᠭᠠᠨ ᠤ ᠬᠢ ᠶᠢ ᠡᠬᠢᠯᠡᠭᠦᠯᠵᠦ ᠪᠣᠯᠬᠤ ᠶᠢ ᠨᠢ ᠠᠯᠢ ᠲᠦᠷᠭᠡᠨ ᠡᠬᠢᠯᠡᠭᠦᠯᠵᠦ᠂ ᠤᠳᠤ ᠡᠬᠢᠯᠡᠭᠦᠯᠵᠦ ᠪᠣᠯᠬᠤ ᠶᠢ ᠨᠢ ᠳᠠᠷᠤᠢ ᠲᠦᠷᠭᠡᠨ ᠡᠬᠢᠯᠡᠭᠦᠯᠵᠦ᠂ ᠬᠠᠮᠲᠤᠷᠠᠯᠴᠠᠭᠠᠨ ᠤ ᠵᠦᠢᠯᠡᠰ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠦᠰᠡᠵᠦ ᠪᠠᠶᠢᠨ᠎ᠠ᠃ ᠲᠤᠰᠬᠠᠢ ᠠᠩᠭᠢ ᠲᠤᠰᠬᠠᠢ ᠬᠥᠮᠥᠨ ᠢ ᠲᠣᠳᠣᠷᠬᠠᠢ ᠲᠣᠭᠲᠠᠭᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠤᠯᠠᠨ ᠳᠤ ᠮᠡᠳᠡᠭᠳᠡᠬᠦ ᠲᠣᠭᠲᠠᠴᠠ ᠪᠣᠯᠣᠨ ᠬᠤᠯᠪᠣᠭ᠎ᠠ ᠶᠢᠨ ︽ᠵᠥᠪᠰᠢᠶᠡᠷᠡᠨ ᠣᠷᠣᠬᠤ᠂ ᠤᠬᠤᠷᠢᠨ ᠭᠠᠷᠬᠤ︾ ᠬᠥᠳᠡᠯᠦᠩᠭᠦᠢ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠠᠯᠤᠰ ᠬᠡᠳᠤ ᠶᠢᠨ ᠬᠥᠭᠵᠢᠯᠲᠡ ᠳᠤ ᠰᠠᠭᠤᠷᠢᠯᠠᠨ᠂ ᠴᠠᠬᠢᠯᠭᠠᠨ ᠦᠷᠳᠡᠭᠡ ᠶᠢᠨ ᠪᠠᠶᠢᠷᠢᠰᠢᠭᠤᠯᠤᠯᠲᠠ᠂ ᠴᠠᠬᠢᠯᠭᠠᠨ ᠲᠣᠣᠷ ᠤᠨ ᠲᠥᠯᠦᠪᠵᠢᠭᠦᠯᠭᠡ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ᠂ ᠠᠵᠤ ᠦᠢᠯᠡᠰ ᠢ ᠠᠭᠤᠰᠤᠯᠴᠠᠭᠤᠯᠬᠤ ᠵᠡᠷᠭᠡ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠭᠠᠷ ᠬᠤᠯᠪᠣᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠨ ᠬᠤᠩ ᠭᠤᠸᠠᠩ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠢ ᠹᠧᠩ᠂ ᠠᠲ᠋ᠧᠰ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ ᠵᠤ᠋ ᠵᠢᠶᠦ᠋ᠨ᠂ ᠱᠤᠸᠠᠩ ᠵᠢᠶᠧ ᠴᠠᠬᠢᠯᠭᠠᠨ ᠤ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠵᠣᠣ ᡁᠢ ᠬᠤᠩ᠂ ᠬᠤᠸᠠ ᠸᠧᠢ ᠥᠪᠥᠷ ᠮᠣᠩᠭᠤᠯ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠤᠸᠠᠨ ᠮᠢᠩ ᠤᠷᠢᠳ ᠬᠤᠵᠢᠳ ᠶᠠᠷᠢᠶ᠎ᠠ ᠲᠠᠯᠪᠢᠪᠠ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ 18 ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠲᠠᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠬᠤᠯᠪᠣᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      ᠬᠤᠲᠠ ᠶᠢᠨ ᠤᠳᠤᠷᠢᠳᠤᠯᠭ᠎ᠠ ᠯᠢᠦ ᠵᠢᠢ ᠶᠢᠩ᠂ ᠯᠢ ᠰᠢᠶᠣᠣ ᠶᠠᠨ ᠵᠢᠴᠢ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ