ᠬᠥᠬᠡᠬᠤᠲᠠ ᠶᠢᠨ 37 ᠰᠣᠶᠣᠯ ᠵᠢᠭᠤᠯᠴᠢᠯᠠᠯ ᠤᠨ ᠭᠠᠵᠠᠷ ᠴᠡᠷᠢᠭ ᠤᠨ ᠠᠯᠪᠠ ᠠᠴᠠ ᠬᠠᠯᠠᠬᠳᠠᠬᠰᠠᠳ ᠠᠴᠠ ᠰᠦᠢᠳᠬᠡᠯ ᠬᠤᠷᠢᠶᠠᠬᠤ ᠥᠬᠡᠶ
ᠨᠡᠶᠢᠲᠡᠯᠡᠭᠰᠡᠨ ᠴᠠᠭ᠄
2023/12/11
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶  ᠬᠥᠬᠡᠬᠤᠲᠠ ᠶᠢᠨ ᠴᠡᠷᠢᠭ ᠤᠨ ᠠᠯᠪᠠ ᠡᠴᠡ‌ᠬᠠᠯᠠᠬᠳᠠᠬᠰᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠬᠥᠬᠡᠬᠤᠲᠠ ᠶᠢᠨ ᠬᠢᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠠᠬᠤ ᠡᠲᠡᠭᠡᠳ ᠲᠤ ᠰᠣᠶᠣᠯ ᠵᠢᠭᠤᠯᠴᠢᠯᠠᠯ ᠤᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠴᠢᠨᠠᠭᠰᠢᠳᠠ ᠨᠠᠷᠢᠯᠢᠭᠵᠢᠭᠤᠯᠤᠨ ᠬᠡᠷᠡᠭᠵᠢᠭᠦᠯᠵᠦ᠂ 37 ᠰᠣᠶᠣᠯ ᠵᠢᠭᠤᠯᠴᠢᠯᠠᠯ ᠤᠨ ᠭᠠᠵᠠᠷ ᠢ ᠴᠡᠷᠢᠭ ᠤᠨ ᠠᠯᠪᠠ ᠠᠴᠠ ᠬᠠᠯᠠᠭᠳᠠᠭᠰᠠᠳ ᠠᠴᠠ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠪᠣᠯᠪᠠ᠃       ᠡᠳᠡᠭᠡᠷ 37 ᠰᠣᠶᠣᠯ ᠵᠢᠭᠤᠯᠴᠢᠯᠠᠯ ᠤᠨ ᠭᠠᠵᠠᠷ ᠨᠢ ᠲᠠᠢ ᠸᠧᠢ ᠴᠠᠰᠤᠨ ᠳᠤ ᠭᠤᠯᠭᠤᠬᠤ ᠲᠠᠯᠠᠪᠤᠷ᠂ ᠮᠣᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠬᠥᠬᠡᠬᠤᠲᠠ ᠶᠢᠨ ᠠᠮᠢᠲᠠᠨ ᠤ ᠬᠦᠷᠢᠶᠡᠯᠡᠩ᠂ ᠶᠡᠭᠡ ᠵᠣᠣ ᠰᠦᠮ᠎ᠡ᠂ ᠰᠢᠷᠡᠭᠡᠲᠦ ᠵᠣᠣ᠂ ᠪᠠᠢ ᠱᠢ ᠠᠮᠢ ᠠᠬᠤᠢ ᠶᠢᠨ ᠵᠢᠭᠤᠯᠴᠢᠯᠠᠯ ᠤᠨ ᠣᠷᠣᠨ᠂ ᠱᠧᠨ ᠴᠢᠦᠸᠠᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠠᠲᠤᠨ ᠭᠤᠤᠯ ᠤᠨ ᠪᠣᠭᠤᠳᠠᠶ ᠶᠢᠨ ᠬᠥᠨᠳᠡᠢ ᠶᠢᠨ ᠠᠮᠢ ᠠᠬᠤᠶ ᠶᠢᠨ ᠰᠡᠯᠡᠭᠦᠴᠡᠯ ᠤᠨ ᠵᠢᠭᠤᠯᠴᠢᠯᠠᠯ ᠤᠨ ᠣᠷᠣᠨ᠂ ᠬᠠᠲᠤᠨ ᠭᠤᠤᠯ ᠤᠨ ᠰᠠᠭᠤᠭᠳᠠᠯ ᠱᠧᠨ ᠴᠢᠤᠸᠠᠨ ᠠᠭᠤᠯᠠᠨ ᠲᠣᠰᠬᠤᠨ ᠤ ᠵᠢᠭᠤᠯᠴᠢᠯᠠᠯ ᠤᠨ ᠣᠷᠣᠨ᠂ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠯᠤᠤ ᠨᠢᠦ ᠸᠠᠨ ᠬᠠᠲᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ᠂ ᠢᠯᠢ ᠲᠠᠯ᠎ᠠ ᠨᠤᠲᠤᠭ ᠤᠨ ᠰᠦ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠴᠡᠯᠡᠭᠡᠷ ᠲᠠᠯ᠎ᠠ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠣᠷᠣᠨ᠂ ᠥᠪᠥᠷ ᠮᠣᠩᠭᠤᠯ ᠤᠨ ᠮᠦᠽᠧᠢ᠂ ᠵᠠᠩᠵᠤᠨ ᠤ ᠶᠠᠮᠤᠨ ᠮᠦᠽᠧᠢ᠂ ᠴᠢᠩ ᠤᠨ ᠬᠤᠱᠤᠢ ᠬᠢᠴᠢᠶᠡᠩᠬᠦᠢ ᠠᠮᠤᠷ ᠭᠦᠩᠵᠦ ᠶᠢᠨ ᠣᠷᠳᠣᠨ᠂ ᠥᠪᠥᠷ ᠮᠣᠩᠭᠤᠯ ᠤᠨ ᠮᠣᠷᠢ ᠤᠷᠤᠯᠳᠤᠬᠤ ᠲᠠᠯᠠᠪᠠᠶ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ᠂ ᠰᠢᠶᠣᠣ ᠼᠤᠤ ᠦᠷ᠎ᠡ ᠶᠢᠨ ᠴᠡᠩᠭᠡᠯ ᠤᠨ ᠬᠦᠷᠢᠶᠡᠯᠡᠩ᠂ ᠵᠣᠣ ᠵᠢᠶᠦ᠋ᠨ ᠤ ᠮᠦᠽᠧᠶ᠂ ᠮᠣᠩᠭᠤᠯ ᠵᠠᠩ ᠦᠢᠯᠡ ᠶᠢᠨ ᠬᠦᠷᠢᠶᠡᠯᠡᠩ᠂ ᠨᠠᠨ ᠬᠤ᠋ ᠨᠤᠭᠤ ᠭᠠᠵᠠᠷ ᠤᠨ ᠴᠡᠴᠡᠷᠯᠢᠭ᠂ ᠲᠠᠪᠤᠨ ᠰᠤᠪᠤᠷᠭᠠᠳᠤ ᠰᠦᠮ᠎ᠡ᠂ ᠳ᠋ᠠ ᠮᠥᠸᠧ ᠰᠣᠶᠣᠯ ᠶᠢᠨ ᠡᠭᠦᠳᠦᠨ ᠪᠦᠲᠦᠭᠡᠯᠳᠡ ᠶᠢᠨ ᠬᠦᠷᠢᠶᠡᠯᠡᠩ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ᠂ ᠤᠯᠠᠭᠠᠨᠬᠦᠦ ᠶᠢᠨ ᠬᠠᠭᠤᠴᠢᠨ ᠰᠠᠭᠤᠴᠠ᠂ ᠶᠠᠩ ᠭᠤᠸᠠᠩ ᠬᠤᠶᠢᠭ ᠤᠨ ᠠᠮᠢ ᠠᠬᠤᠶ ᠶᠢᠨ ᠬᠦᠷᠢᠶᠡᠯᠡᠩ᠂ ᠨᠥᠭᠴᠢᠭᠰᠡᠨ ᠪᠠᠭᠠᠲᠤᠷ ᠵᠢᠶᠠ ᠯᠢ ᠭᠸᠡᠭ ᠤᠨ ᠬᠠᠭᠤᠴᠢᠨ ᠰᠠᠭᠤᠴᠠ᠂ ᠱᠢ ᠵᠢᠶ ᠬᠤ᠋ ᠪᠠᠢ ᠠᠷᠢᠬᠢᠨ ᠤ ᠦᠢᠯᠡᠰ᠂ ᠬᠠᠶᠢᠷᠬᠠᠨ ᠬᠤᠨᠢᠨ ᠬᠦᠪᠦᠷᠡᠯ ᠤᠨ ᠡᠳ᠋ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠤᠦ ᠸᠧᠶ ᠠᠳᠤᠭᠤᠨ ᠰᠣᠶᠣᠯ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠮᠧᠩ ᠼᠤᠤ ᠡᠪᠡᠰᠦᠨ ᠤ ᠦᠵᠡᠰᠬᠦᠯᠡᠩ ᠤᠨ ᠬᠦᠷᠢᠶᠠᠯᠡᠩ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠱᠧᠩ ᠯᠧ ᠮᠦᠽᠧᠢ᠂ ᠪᠣᠭᠤᠮᠲᠠ ᠶᠢᠨ ᠭᠠᠳᠠᠨᠠᠬᠢ ᠲᠤᠭᠤᠷ ᠤᠨ ᠬᠦᠷᠢᠶᠡᠯᠡᠩ ᠤᠨ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠯ᠎ᠠ ᠨᠤᠲᠤᠭ ᠤᠨ ᠡᠭᠦᠳᠡ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠭᠲᠠᠭᠠᠵᠠᠢ᠃      ᠣᠶᠢᠯᠠᠭᠠᠭᠰᠠᠨ ᠢᠶᠠᠷ᠂ ᠬᠦᠬᠡᠬᠤᠲᠠ ᠶᠢᠨ ᠡᠯ᠎ᠡ ᠱᠠᠲᠤᠨ ᠤ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠰᠠᠯᠠᠭ᠎ᠠ ᠮᠥᠴᠢᠷ ᠤᠨ ᠬᠢᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠬᠠᠷᠠᠭᠠᠯᠵᠠᠯ ᠤᠨ ᠦᠨᠡᠮᠯᠡᠯ ᠢᠶᠠᠷ ᠤᠯᠤᠰ ᠤᠨ ᠥᠮᠴᠢᠯᠡᠯ ᠤᠨ ᠮᠦᠽᠧᠢ᠂ ᠳᠤᠷᠠᠰᠬᠠᠯ ᠤᠨ ᠣᠷᠳᠣᠨ᠂ ᠤᠷᠠᠨ ᠵᠢᠷᠤᠭ ᠤᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠤᠷᠤᠨ ᠪᠤᠯᠤᠨ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠪᠤᠶᠤ ᠵᠢᠯᠣᠭᠤᠳᠬᠤ ᠦᠨ᠎ᠡ ᠪᠠᠷ ᠬᠠᠮᠢᠶᠠᠷᠬᠤ ᠶᠢ ᠬᠡᠷᠡᠭᠵᠢᠭᠦᠯᠵᠦ ᠪᠠᠶᠢᠭ᠎ᠠ ᠴᠡᠴᠡᠷᠯᠢᠭ᠂ ᠦᠵᠡᠰᠭᠦᠯᠡᠩ ᠤᠨ ᠣᠷᠳᠣᠨ᠂ ᠨᠠᠷᠠᠲᠤ ᠦᠵᠡᠮᠵᠢ ᠶᠢᠨ ᠣᠷᠣᠨ ᠢᠶᠠᠷ ᠰᠦᠢᠳᠬᠡᠯ ᠥᠬᠡᠶ ᠪᠠᠷ ᠲᠣᠭᠤᠷᠢᠨ ᠦᠵᠡᠵᠦ ᠪᠣᠯᠣᠨ᠎ᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ