ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 49 ᠳ᠋ᠦ᠋ᠭᠡᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ | ᠬᠡᠷᠡᠭᠵᠢᠭᠦᠯᠬᠦ ᠨᠠᠷᠢᠨ ᠳᠦᠷᠢᠮ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠡᠶᠢᠭᠡᠮ ᠨᠡᠶᠢᠲᠡ ᠶᠢᠨ ᠣᠯᠠᠨ ᠶᠠᠩᠵᠤ ᠶᠢᠨ ᠶᠠᠪᠤᠵᠤ ᠰᠠᠭᠤᠬᠤ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠲᠦᠷᠢᠶᠡᠰᠦᠨ ᠮᠠᠰᠢᠨ | ᠲᠡᠷᠭᠡᠨ ᠤ ᠠᠵᠢᠯ ᠲᠥᠷᠥᠯ ᠪᠠ ᠢᠨᠲ᠋ᠧᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ | ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠵᠡᠩᠨᠡᠯᠲᠡ ᠶᠢᠨ ᠠᠶᠤᠯᠭᠦᠢ ᠪᠠ ᠠᠶᠠᠨᠴᠢᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ | ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ | ᠤᠶᠠᠯᠳᠤᠭᠤᠯᠵᠤ᠂ ᠲᠣᠰ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ︵ | ᠳᠣᠷᠣᠭᠰᠢ ︽ᠰᠦᠯᠵᠢᠶᠡᠨ ᠳᠡᠭᠡᠷ᠎ᠡ ᠪᠣᠯᠵᠣᠬᠤ ᠲᠡᠷᠭᠡ︾ ᠭᠡᠵᠦ ᠲᠣᠪᠴᠢᠯᠠᠨ᠎ᠠ︶ ᠶᠢᠨ ᠡᠵᠡᠩᠨᠡᠯᠲᠡ ᠦᠢᠯᠡᠴᠢᠯᠡᠭᠡ᠂ ᠬᠠᠮᠢᠶᠠᠷᠤᠯᠲᠠ ᠵᠢᠴᠢ ᠪᠤᠰᠤᠳ ᠬᠠᠮᠢᠶ᠎ᠠ | ᠪᠦᠬᠦᠢ ᠠᠵᠢᠯᠯᠠᠭ᠎ᠠ ᠳᠤ᠂ ᠲᠣᠰ ᠬᠡᠷᠡᠭᠵᠢᠭᠦᠯᠬᠦ ᠨᠠᠷᠢᠨ ᠳᠦᠷᠢᠮ ᠢ ᠵᠢᠷᠤᠮᠯᠠᠬᠤ ᠬᠡᠷᠡᠭᠲᠡᠢ᠃ | ᠭᠤᠷᠪᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ ᠲᠦᠷᠢᠶᠡᠰᠦᠨ ᠮᠠᠰᠢᠨ | ᠲᠡᠷᠭᠡ ᠶᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠴᠢᠨᠠᠷ ᠰᠠᠶᠢᠲᠠᠢ ᠦᠢᠯᠡᠴᠢᠯᠡᠨ᠂ ᠵᠥᠷᠢᠶᠡᠨ ᠲᠠᠢ ᠡᠵᠡᠩᠨᠡᠬᠦ ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ | ᠪᠣᠯᠵᠣᠬᠤ ᠲᠡᠷᠭᠡ ᠶᠢ ᠡᠮᠬᠢ ᠵᠢᠷᠤᠮ ᠲᠠᠢ ᠬᠥᠭᠵᠢᠭᠦᠯᠦᠨ᠎ᠡ᠃ ᠲᠣᠰ ᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠡᠷᠭᠡᠨ ᠤ ᠲᠡᠭᠡᠭᠡᠪᠦᠷᠢ ᠶᠢᠨ ᠦᠨ᠎ᠡ ᠳᠤ | ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠵᠦ᠂ ᠴᠢᠬᠤᠯᠠ ᠲᠠᠢ ᠦᠶ᠎ᠡ ᠳᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ | ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠴᠤ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ︵ᠳᠣᠷᠣᠭᠰᠢ ︽ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠲᠣᠪᠴᠢᠯᠠᠨ᠎ᠠ︶ ᠨᠢ ᠰᠦᠯᠵᠢᠶᠡᠨ | ᠳᠡᠭᠡᠷ᠎ᠡ ᠪᠣᠯᠵᠣᠬᠤ ᠲᠡᠷᠭᠡ ᠶᠢᠨ ᠬᠠᠮᠢᠶᠠᠷᠤᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ | ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ᠂ ᠭᠠᠶᠢᠯᠢ ᠶᠢᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ | ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠬᠢᠨᠠᠯᠲᠠ ᠬᠠᠮᠢᠶᠠᠷᠤᠯᠲᠠ ᠶᠢᠨ ᠣᠨᠣᠯᠵᠢᠬᠤᠨ ᠪᠠ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠠᠭᠲᠠᠭᠠᠮᠵᠢᠲᠠᠢ ᠪᠣᠯᠭᠤᠮᠵᠢᠲᠠᠢ ᠪᠠᠶᠢᠬᠤ ᠵᠠᠷᠴᠢᠮ ᠢ ᠵᠢᠷᠤᠮᠯᠠᠨ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠠᠵᠢᠯ | ᠲᠥᠷᠥᠯ ᠤᠨ ᠣᠨᠴᠠᠯᠢᠭ ᠲᠤ ᠲᠣᠬᠢᠷᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ | ᠪᠣᠯᠵᠣᠬᠤ ᠲᠡᠷᠭᠡ ᠳᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠬᠢᠨ᠎ᠡ᠃ | ᠬᠤᠶᠠᠳᠤᠭᠠᠷ ᠪᠦᠯᠦᠭ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ | ᠵᠢᠷᠭᠤᠳᠤᠭᠠᠷ ᠵᠦᠢᠯ ᠲᠣᠰ ᠬᠤᠲᠠ ᠳᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠬᠦ ᠪᠠᠷ ᠭᠤᠶᠤᠴᠢᠯᠠᠬᠤ ᠳᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠷᠢᠳᠦᠭᠦᠯᠦᠭᠰᠡᠨ ᠮᠥᠷᠲᠡᠭᠡᠨ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ ᠬᠡᠷᠡᠭᠲᠡᠢ︔ | ︵ᠬᠤᠶᠠᠷ︶ ᠲᠤᠰ ᠬᠤᠳᠠ ᠳᠤ ᠡᠵᠡᠩᠨᠡᠯᠲᠡ ᠶᠢᠨ ᠬᠡᠪᠴᠢᠶ᠎ᠡ ᠲᠠᠢ ᠪᠠᠨ ᠵᠣᠬᠢᠴᠠᠭᠰᠠᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠦᠢᠯᠡᠴᠢᠯᠡᠭᠡᠨ ᠤ | ᠴᠢᠳᠠᠪᠤᠷᠢ ᠲᠠᠢ ᠪᠠᠶᠢᠬᠤ ᠬᠡᠷᠡᠭᠲᠡᠢ︔ | ︵ᠭᠤᠷᠪᠠ︶ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠬᠦ ᠰᠦᠯᠵᠢᠶᠡᠨ ᠤ ᠦᠢᠯᠡᠴᠢᠯᠡᠭᠡᠨ ᠤ ᠲᠠᠪᠴᠠᠩ ᠪᠠ ᠥᠷᠨᠢᠭᠦᠯᠬᠦ ᠪᠠᠷ ᠪᠠᠶᠢᠭ᠎ᠠ | ᠲᠤᠬᠠᠶᠢᠯᠠᠭᠰᠠᠨ ᠠᠵᠢᠯ ᠯᠤᠭ᠎ᠠ ᠵᠣᠬᠢᠴᠠᠯᠳᠤᠭᠰᠠᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠰᠣᠯᠢᠯᠴᠠᠭ᠎ᠠ ᠵᠢᠴᠢ ᠰᠢᠢᠳᠪᠦᠷᠢᠯᠡᠬᠦ ᠴᠢᠳᠠᠪᠤᠷᠢ ᠲᠠᠢ ᠪᠠᠶᠢᠵᠤ᠂ | ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠲᠠᠲᠠᠵᠤ ᠯᠠᠪᠯᠠᠬᠤ ᠬᠠᠮᠢᠶ᠎ᠠ ᠪᠦᠬᠦᠢ ᠰᠦᠯᠵᠢᠶᠡᠨ ᠤ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢ ᠬᠠᠩᠭᠠᠬᠤ ᠨᠥᠬᠦᠴᠡᠯ ᠢ ᠪᠦᠷᠢᠳᠦᠭᠦᠯᠵᠦ᠂ ᠲᠠᠪᠴᠠᠩ ᠤᠨ ᠦᠢᠯᠡᠴᠢᠯᠡᠭᠦᠷ ᠢ ᠳᠤᠮᠳᠠᠳᠤ ᠤᠯᠤᠰ ᠤᠨ ᠳᠣᠲᠣᠷ ᠭᠠᠵᠠᠷ ᠲᠤ ᠪᠠᠶᠢᠷᠢᠯᠠᠭᠤᠯᠵᠤ᠂ | ᠲᠣᠭᠲᠠᠭᠠᠯ ᠳᠤ ᠨᠡᠶᠢᠴᠡᠭᠰᠡᠨ ᠰᠦᠯᠵᠢᠶᠡᠨ ᠤ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠠᠶᠤᠯᠭᠦᠢ ᠶᠢᠨ ᠬᠠᠮᠠᠭᠠᠯᠠᠯᠲᠠ ᠶᠢᠨ ᠮᠡᠷᠭᠡᠵᠢᠯ ᠤᠨ ᠠᠷᠭ᠎ᠠ | ᠬᠡᠮᠵᠢᠶ᠎ᠡ ᠲᠠᠢ ᠪᠠᠶᠢᠬᠤ ᠬᠡᠷᠡᠭᠲᠡᠢ︔ | ︵ᠳᠥᠷᠪᠡ︶ ᠡᠯᠧᠺᠲᠷᠣᠨ ᠲᠥᠯᠥᠪᠦᠷᠢ ᠶᠢ ᠬᠡᠷᠡᠭᠯᠡᠬᠦ ᠳᠤ ᠬᠦᠷᠪᠡᠯ᠂ ᠪᠠᠩᠬᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠲᠠᠢ | ᠲᠥᠯᠥᠪᠦᠷᠢ ᠶᠢᠨ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠬᠤ ᠬᠡᠯᠡᠯᠴᠡᠭᠡᠷ ᠲᠣᠭᠲᠠᠭᠰᠠᠨ ᠪᠠᠶᠢᠬᠤ ᠬᠡᠷᠡᠭᠲᠡᠢ︔ | ︵ᠲᠠᠪᠤ︶ ᠪᠦᠷᠢᠨ ᠲᠡᠭᠦᠯᠳᠡᠷ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠶᠠᠰᠤ ᠴᠢᠨᠠᠷ ᠤᠨ | ᠪᠠᠲᠤᠯᠠᠭ᠎ᠠ ᠵᠡᠷᠭᠡ ᠳᠦᠷᠢᠮ ᠲᠠᠢ ᠪᠠᠶᠢᠬᠤ ᠬᠡᠷᠡᠭᠲᠡᠢ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠳᠤ ᠲᠣᠭᠲᠠᠭᠠᠭᠰᠠᠨ ᠪᠤᠰᠤᠳ ᠨᠥᠬᠦᠴᠡᠯ ᠤᠳ᠃ | ᠭᠠᠳᠠᠭᠠᠳᠤ ᠶᠢᠨ ᠬᠤᠳᠠᠯᠳᠤᠭᠠᠴᠢᠨ ᠪᠡᠯᠡ ᠣᠷᠣᠭᠤᠯᠵᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ | ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠳᠣᠯᠣᠳᠤᠭᠠᠷ ᠵᠦᠢᠯ ᠲᠣᠰ ᠬᠤᠲᠠ ᠳᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠬᠢᠬᠦ ᠪᠠᠷ ᠭᠤᠶᠤᠴᠢᠯᠠᠬᠤ ᠳᠤ᠂ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | ︵ᠨᠢᠭᠡ︶ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠭᠤᠶᠤᠴᠢᠯᠠᠯ ᠤᠨ ᠬᠦᠰᠦᠨᠦᠭᠲᠦ︔ | ︵ᠬᠤᠶᠠᠷ︶ ᠪᠡᠯᠡ ᠣᠷᠣᠭᠤᠯᠤᠭᠴᠢ᠂ ᠬᠠᠷᠢᠭᠤᠴᠠᠯᠭᠠᠲᠠᠨ ᠤ ᠪᠡᠶ᠎ᠡ ᠶᠢᠨ ᠭᠠᠷᠤᠯ᠂ ᠬᠥᠷᠥᠩᠭᠡ ᠢᠲᠡᠭᠡᠮᠵᠢ ᠶᠢᠨ ᠭᠡᠷᠡᠴᠢ ᠵᠢᠴᠢ ᠲᠡᠭᠦᠨ ᠤ ᠬᠠᠭᠤᠯᠪᠤᠷᠢ᠂ | ᠭᠠᠷᠳᠠᠨ ᠭᠦᠢᠴᠡᠳᠭᠡᠭᠴᠢ ᠶᠢᠨ ᠪᠡᠶ᠎ᠡ ᠶᠢᠨ ᠭᠠᠷᠤᠯ ᠤᠨ ᠭᠡᠷᠡᠴᠢ ᠵᠢᠴᠢ ᠲᠡᠭᠦᠨ ᠤ ᠬᠠᠭᠤᠯᠪᠤᠷᠢ ᠪᠠ ᠨᠠᠶᠢᠳᠠᠯᠭ᠎ᠠ ᠶᠢᠨ ᠪᠢᠴᠢᠭ︔ | ︵ᠭᠤᠷᠪᠠ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠪᠠᠲᠤᠯᠠᠪᠤᠷᠢ᠂ ᠰᠠᠯᠪᠤᠷᠢ ᠪᠠᠶᠢᠭᠤᠯᠤᠮᠵᠢ ᠳᠤ ᠬᠠᠷᠢᠶᠠᠯᠠᠭᠳᠠᠬᠤ ᠳᠤ | ᠬᠦᠷᠪᠡᠯ ᠪᠠᠰᠠ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠲᠤᠯᠠᠪᠤᠷᠢ ᠶᠢ ᠲᠤᠰᠢᠶᠠᠬᠤ ᠬᠡᠷᠡᠭᠲᠡᠢ︔ | ︵ᠳᠥᠷᠪᠡ︶ ᠡᠵᠡᠩᠨᠡᠯᠲᠡ ᠦᠢᠯᠡᠴᠢᠯᠡᠭᠡᠨ ᠤ ᠬᠡᠪᠴᠢᠶ᠎ᠡ ᠲᠠᠢ ᠪᠠᠨ ᠵᠣᠬᠢᠴᠠᠭᠰᠠᠨ ᠠᠵᠢᠯᠯᠠᠬᠤ ᠭᠠᠵᠠᠷ᠂ ᠬᠠᠷᠢᠭᠤᠴᠠᠯᠭᠠᠲᠠᠳ᠂ ᠬᠠᠮᠢᠶᠠᠷᠤᠯᠲᠠ ᠶᠢᠨ | ᠠᠵᠢᠯᠲᠠᠳ ︵ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ ᠪᠤᠶᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠬᠤ ᠬᠡᠷᠡᠭᠲᠡᠢ︶ ᠵᠡᠷᠭᠡ ᠮᠠᠲ᠋ᠧᠷᠢᠶᠠᠯ︔ | ︵ᠲᠠᠪᠤ︶ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ ᠱᠠᠲᠤᠨ ᠤ | ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠴᠢᠮᠡᠭᠡ ᠬᠤᠯᠪᠣᠭ᠎ᠠ᠂ | ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠵᠦ ᠲᠡᠭᠦᠨ ᠤ ᠰᠦᠯᠵᠢᠶᠡᠨ | ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ︔ | ︵ᠵᠢᠷᠭᠤᠭ᠎ᠠ︶ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ᠂ ᠵᠢᠷᠤᠮ ᠲᠠᠢ ᠡᠵᠡᠩᠨᠡᠬᠦ | ᠠᠮᠠᠯᠠᠯᠲᠠ᠂ ᠠᠮᠤᠷ ᠢ ᠬᠠᠮᠠᠭᠠᠯᠠᠬᠤ ᠰᠡᠷᠭᠡᠶᠢᠯᠡᠯᠲᠡ᠂ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠳᠦᠷᠢᠮ ᠤᠨ ᠪᠢᠴᠢᠭ︔ | ︵ᠲᠤᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠩᠭᠠᠬᠤ ᠶᠢ ᠱᠠᠭᠠᠷᠳᠠᠭᠰᠠᠨ ᠪᠤᠰᠤᠳ ᠮᠠᠲ᠋ᠧᠷᠢᠶᠠᠯ᠃ | ᠨᠠᠢᠮᠠᠳᠤᠭᠠᠷ ᠵᠦᠢᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠵᠡᠩᠨᠡᠯᠲᠡ ᠶᠢᠨ | ᠭᠤᠶᠤᠴᠢᠯᠠᠯ ᠳᠠᠬᠢ ᠬᠤᠯᠪᠣᠭᠳᠠᠯ ᠪᠦᠬᠦᠢ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠦᠯᠢᠶᠡᠨ | ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠤᠶᠤ ᠵᠠᠰᠠᠭ ᠵᠠᠬᠢᠷᠭᠠᠨ ᠤ ᠵᠥᠪᠰᠢᠶᠡᠷᠡᠯ | ᠣᠯᠭᠤᠬᠤ ᠦᠭᠡᠢ ᠰᠢᠢᠳᠪᠦᠷᠢ ᠭᠠᠷᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠰᠢᠢᠳᠪᠦᠷᠢ ᠭᠠᠷᠭᠠᠭᠰᠠᠨ ᠪᠣᠯ᠂ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠶᠢ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ᠂ ᠡᠵᠡᠩᠨᠡᠯᠲᠡ ᠶᠢᠨ ᠣᠷᠣᠨ ᠪᠦᠰᠡ ᠶᠢ ᠲᠣᠰ | ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ᠂ ᠡᠵᠡᠩᠨᠡᠯᠲᠡ ᠶᠢᠨ ᠬᠤᠭᠤᠴᠠᠭ᠎ᠠ ᠶᠢ 4 ᠵᠢᠯ ᠭᠡᠬᠦ ᠵᠡᠷᠭᠡ ᠪᠠᠷ ᠲᠣᠳᠣᠷᠬᠠᠶᠢᠯᠠᠬᠤ ᠶᠢᠨ ᠬᠠᠮᠲᠤ ︽ | ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠭᠤᠨ᠎ᠠ᠃ ᠵᠠᠰᠠᠭ ᠵᠠᠬᠢᠷᠭᠠᠨ ᠤ | ᠵᠥᠪᠰᠢᠶᠡᠷᠡᠯ ᠣᠯᠭᠤᠬᠤ ᠦᠭᠡᠢ ᠪᠣᠯ᠂ ᠭᠤᠶᠤᠴᠢᠯᠠᠭᠴᠢ ᠳᠤ ︽ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠢ ᠰᠢᠢᠳᠪᠦᠷᠢ ᠶᠢᠨ ᠪᠢᠴᠢᠭ︾ ᠭᠠᠷᠭᠠᠵᠤ | ᠥᠭᠭᠦᠨ᠎ᠡ᠃ | ᠶᠢᠰᠦᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ | ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠳᠠᠩᠰᠠᠯᠠᠭᠤᠯᠬᠤ ᠪᠠᠷ ᠭᠤᠶᠤᠴᠢᠯᠠᠭᠰᠠᠨ ᠤ ᠳᠠᠷᠠᠭ᠎ᠠ᠂ ᠰᠠᠶ᠋ᠢ ᠲᠣᠰ | ᠬᠤᠲᠠ ᠳᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ᠃ | ᠠᠷᠪᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠡᠵᠡᠩᠨᠡᠯᠲᠡ ᠪᠠᠨ ᠲᠦᠷ ᠵᠣᠭᠰᠤᠭᠠᠬᠤ ᠪᠤᠶᠤ ᠨᠢᠭᠡᠮᠦᠰᠦᠨ | ᠵᠣᠭᠰᠤᠭᠠᠬᠤ ᠳᠤ ᠬᠦᠷᠪᠡᠯ᠂ 30 ᠡᠳᠦᠷ ᠤᠨ ᠡᠮᠦᠨ᠎ᠡ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠪᠢᠴᠢᠭ ᠢᠶᠠᠷ ᠮᠡᠳᠡᠭᠦᠯᠵᠦ᠂ ᠬᠤᠯᠪᠣᠭᠳᠠᠯ ᠪᠦᠬᠦᠢ ᠪᠠᠶᠢᠳᠠᠯ ᠢᠶᠠᠨ ᠲᠣᠳᠣᠷᠬᠠᠶᠢᠯᠠᠨ᠂ ᠦᠢᠯᠡᠴᠢᠯᠡᠭᠡ ᠬᠠᠩᠭᠠᠵᠤ ᠪᠠᠶᠢᠭ᠎ᠠ ᠲᠡᠷᠭᠡ ᠬᠥᠰᠬᠡ ᠶᠢᠨ ᠥᠮᠴᠢᠯᠡᠭᠴᠢ | ᠪᠣᠯᠣᠨ ᠵᠢᠯᠣᠭᠤᠴᠢ ᠳᠤ ᠮᠡᠳᠡᠭᠳᠡᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ ᠡᠵᠡᠩᠨᠡᠯᠲᠡ ᠪᠠᠨ ᠵᠣᠭᠰᠣᠭᠠᠭᠰᠠᠨ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠲᠠᠪᠴᠠᠩ ᠤᠨ ᠺᠣᠮᠫᠠᠨᠢ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢᠶᠠᠨ | ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠪᠤᠴᠠᠭᠠᠬᠤ ᠬᠡᠷᠡᠭᠲᠡᠢ᠃ | ᠡᠵᠡᠩᠨᠡᠯᠲᠡ ᠶᠢᠨ ᠬᠤᠭᠤᠴᠠᠭ᠎ᠠ ᠳᠦᠭᠦᠷᠬᠦ ᠠᠴᠠ 30 ᠡᠳᠦᠷ ᠤᠨ ᠡᠮᠦᠨ᠎ᠡ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ | ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠦᠷᠭᠦᠯᠵᠢᠯᠡᠭᠦᠯᠬᠦ ᠪᠠᠷ ᠭᠤᠶᠤᠴᠢᠯᠠᠵᠤ ᠪᠣᠯᠣᠨ᠎ᠠ᠂ | ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ | ᠦᠷᠭᠦᠯᠵᠢᠯᠡᠭᠦᠯᠬᠦ ᠶᠢ ᠵᠥᠪᠰᠢᠶᠡᠷᠡᠬᠦ ᠡᠰᠡᠬᠦ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠰᠦᠯᠵᠢᠶᠡᠨ ᠳᠡᠭᠡᠷ᠎ᠡ ᠪᠣᠯᠵᠣᠬᠤ ᠲᠡᠷᠭᠡ ᠪᠠ ᠵᠢᠯᠣᠭᠤᠴᠢ | ᠠᠷᠪᠠᠨ ᠨᠢᠭᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠶᠢᠨ ᠲᠡᠷᠭᠡ ᠨᠢ ᠳᠣᠣᠷᠠᠬᠢ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠢ᠄ | ︵ᠨᠢᠭᠡ︶ ᠮᠠᠰᠢᠨ ᠲᠡᠷᠭᠡ ᠨᠢ ᠲᠣᠰ ᠬᠤᠲᠠ ᠶᠢᠨ ᠲᠡᠷᠭᠡᠨ ᠫᠠᠶᠢᠰᠠ ᠲᠠᠢ ᠪᠠᠶᠢᠬᠤ ᠬᠡᠷᠡᠭᠲᠡᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨ ᠲᠡᠷᠭᠡ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠪᠣᠯᠵᠣᠵᠤ ᠲᠦᠷᠢᠶᠡᠰᠦᠯᠡᠭᠦᠯᠬᠦ | ᠠᠶᠠᠨᠴᠢᠳ ᠤᠨ ᠲᠡᠭᠡᠭᠡᠪᠦᠷᠢ ᠪᠠᠷ ᠲᠡᠮᠳᠡᠭᠯᠡᠭᠰᠡᠨ ᠪᠠᠶᠢᠬᠤ ᠬᠡᠷᠡᠭᠲᠡᠢ︔ | ︵ᠬᠤᠶᠠᠷ︶ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠰᠠᠭᠤᠳᠠᠯ ᠲᠠᠢ ᠮᠠᠰᠢᠨ ᠲᠡᠷᠭᠡ᠂ ᠮᠠᠰᠢᠨ ᠲᠡᠷᠭᠡ ᠶᠢᠨ ᠳᠠᠩᠰᠠᠯᠠᠭᠤᠯᠤᠭᠰᠠᠨ ᠡᠳᠦᠷ | ᠬᠤᠭᠤᠴᠠᠭ᠎ᠠ ᠨᠢ 3 ᠵᠢᠯ ᠠᠴᠠ ᠬᠡᠲᠦᠷᠡᠭᠰᠡᠨ ᠦᠭᠡᠢ ᠪᠠᠶᠢᠬᠤ ᠬᠡᠷᠡᠭᠲᠡᠢ︔ | ︵ᠭᠤᠷᠪᠠ︶ ᠲᠣᠭᠲᠠᠮᠠᠯ ᠪᠥᠭᠡᠳ ᠤᠯᠤᠰ᠂ ᠥᠪᠡᠷᠲᠡᠭᠡᠨ ᠵᠠᠰᠠᠬᠤ ᠣᠷᠣᠨ᠂ ᠲᠤᠰ ᠬᠤᠳᠠ ᠶᠢᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ᠂ | ᠠᠶᠠᠯᠠᠯ ᠢ ᠲᠡᠮᠳᠡᠭᠯᠡᠬᠦ ᠴᠢᠳᠠᠪᠤᠷᠢ ᠲᠠᠢ ᠮᠠᠰᠢᠨ ᠲᠡᠷᠭᠡᠨ ᠤ ᠳᠠᠭᠠᠭᠤᠯᠢ ᠤᠳᠤᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ᠂ ᠪᠠᠴᠢᠮ ᠪᠠᠶᠢᠳᠠᠯ ᠳᠤ ᠬᠡᠷᠡᠭ | ᠮᠡᠳᠡᠭᠦᠯᠬᠦ ᠲᠣᠨᠣᠭᠯᠠᠯ ᠤᠭᠰᠠᠷᠠᠭᠰᠠᠨ ᠪᠠᠶᠢᠬᠤ ᠬᠡᠷᠡᠭᠲᠡᠢ︔ | ︵ᠳᠥᠷᠪᠡ︶ ᠮᠠᠰᠢᠨ ᠲᠡᠷᠭᠡ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠡᠭᠡᠭᠡᠪᠦᠷᠢ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡᠨ ᠤ | ᠠᠶᠤᠯᠭᠦᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠨᠠᠷᠲᠠᠢ ᠰᠢᠨᠵᠢ ᠴᠢᠳᠠᠪᠤᠷᠢ ᠶᠢᠨ | ᠦᠨᠡᠯᠡᠯᠲᠡ ᠨᠢ ᠬᠤᠶᠠᠳᠤᠭᠠᠷ ᠳᠡᠰ ᠠᠴᠠ ᠳᠡᠭᠡᠭᠰᠢ ᠪᠠᠶᠢᠬᠤ ᠬᠡᠷᠡᠭᠲᠡᠢ︔ | ︵ᠲᠠᠪᠤ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠩᠭᠡᠯᠢᠭ ᠤᠨ ᠵᠠᠢ ᠨᠢ 2700 ᠮᠢᠯᠢᠮᠧᠲᠷ ᠠᠴᠠ ᠶᠡᠭᠡ᠂ ᠦᠷᠭᠦᠯᠵᠢᠯᠡᠨ ᠠᠶᠠᠯᠠᠬᠤ ᠵᠠᠮ ᠤᠨ | ᠣᠷᠳᠣ ᠨᠢ 400 ᠺᠢᠯᠣᠮᠧᠲᠷ ᠠᠴᠠ ᠬᠤᠯᠠ ᠪᠥᠭᠡᠳ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠠᠷᠴᠠᠭ ᠲᠤ ᠣᠷᠣᠭᠰᠠᠨ ᠪᠠᠶᠢᠬᠤ︔ ᠪᠤᠰᠤᠳ | ᠮᠠᠰᠢᠨ ᠲᠡᠷᠭᠡ ᠬᠤᠳᠠᠯᠳᠤᠨ ᠠᠪᠤᠭᠰᠠᠨ ᠭᠠᠶᠢᠯᠢ ᠶᠢᠨ ᠭᠠᠶᠢᠯᠢ ᠪᠤᠳᠤᠬᠤ ᠦᠨ᠎ᠡ ᠨᠢ ᠠᠷᠠᠳ ᠤᠨ ᠵᠣᠭᠤᠰ ᠢᠶᠠᠷ 12 ᠲᠦᠮᠡᠨ ᠲᠥᠭᠦᠷᠢᠭ ᠠᠴᠠ ᠳᠣᠣᠷ᠎ᠠ | ᠪᠠᠶᠢᠵᠤ ᠪᠣᠯᠬᠤ ᠦᠭᠡᠢ᠂ 7 ᠰᠠᠭᠤᠳᠠᠯ ᠲᠠᠢ ᠮᠠᠰᠢᠨ ᠲᠡᠷᠭᠡ ᠬᠤᠳᠠᠯᠳᠤᠨ ᠠᠪᠤᠭᠰᠠᠨ ᠭᠠᠶᠢᠯᠢ ᠶᠢᠨ ᠭᠠᠶᠢᠯᠢ ᠪᠤᠳᠤᠬᠤ ᠦᠨ᠎ᠡ ᠨᠢ ᠠᠷᠠᠳ ᠤᠨ ᠵᠣᠭᠤᠰ ᠢᠶᠠᠷ | 18 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ︔ | ︵ᠵᠢᠷᠭᠤᠭ᠎ᠠ︶ ᠮᠠᠰᠢᠨ ᠲᠡᠷᠭᠡ ᠨᠢ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠭᠤᠷᠪᠠᠳᠠᠭᠢ ᠡᠲᠡᠭᠡᠳ ᠤᠨ | ᠬᠠᠷᠢᠭᠤᠴᠠᠯᠭ᠎ᠠ ᠶᠢᠨ ᠳᠠᠭᠠᠳᠬᠠᠯ᠂ ᠠᠶᠠᠨᠴᠢᠳ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠳᠠᠭᠠᠳᠬᠠᠯ ᠠᠪᠤᠭᠰᠠᠨ ᠪᠠᠶᠢᠬᠤ ᠬᠡᠷᠡᠭᠲᠡᠢ︔ | ︵ᠲᠤᠯᠤᠭ᠎ᠠ︶ ᠳᠤᠰ ᠬᠤᠳᠠ ᠶᠢᠨ ᠱᠠᠭᠠᠷᠳᠠᠭᠰᠠᠨ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠢ︔ | ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃ | ᠠᠷᠪᠠᠨ ᠬᠤᠶᠠᠳᠤᠭᠠᠷ ᠵᠦᠢᠯ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ | ᠭᠤᠶᠤᠴᠢᠯᠠᠬᠤ ᠳᠤ᠂ ᠲᠣᠰ ᠬᠤᠲᠠ ᠳᠤ ᠡᠵᠡᠩᠨᠡᠬᠦ ᠶᠢ ᠨᠢᠭᠡᠨᠲᠡ ᠵᠥᠪᠰᠢᠶᠡᠷᠡᠭᠰᠡᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ | ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠵᠢᠴᠢ ᠮᠠᠰᠢᠨ ᠲᠡᠷᠭᠡ ᠶᠢᠨ ᠥᠮᠴᠢᠯᠡᠭᠴᠢ ᠶᠢᠨ ᠨᠠᠶᠢᠳᠠᠯᠭ᠎ᠠ ᠶᠢᠨ ᠪᠢᠴᠢᠭ ᠪᠤᠶᠤ | ᠬᠠᠮᠲᠤᠷᠠᠯᠴᠠᠬᠤ ᠰᠠᠨᠠᠮᠵᠢ ᠶᠢᠨ ᠪᠢᠴᠢᠭ ᠢ ᠠᠪᠴᠤ ᠭᠦᠢᠴᠡᠳᠬᠡᠨ᠎ᠡ︔ ᠡᠰᠡᠬᠦᠯ᠎ᠡ ᠲᠡᠷᠭᠡᠨ ᠤ ᠡᠵᠡᠨ ᠥᠪᠡᠷ ᠢᠶᠠᠨ ᠠᠷᠪᠠᠨ ᠨᠢᠭᠡᠳᠦᠭᠡᠷ ᠵᠦᠢᠯ ᠳᠤ | ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠵᠢᠴᠢ ᠲᠠᠪᠴᠠᠩ ᠤᠨ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠰᠠᠨᠠᠮᠵᠢ ᠶᠢᠨ ᠪᠢᠴᠢᠭ ᠢᠶᠠᠨ ᠠᠪᠴᠤ ᠥᠪᠡᠷ ᠢᠶᠠᠨ | ᠭᠦᠢᠴᠡᠳᠬᠡᠨ᠎ᠡ᠃ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠪᠠᠷ ᠳᠡᠮᠵᠢᠨ᠂ ᠨᠥᠬᠦᠴᠡᠯ ᠳᠤ | ᠨᠡᠶᠢᠴᠡᠬᠦ ᠮᠠᠰᠢᠨ ᠲᠡᠷᠭᠡ ᠳᠤ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠣᠯᠭᠤᠨ᠎ᠠ᠃ | ᠠᠷᠪᠠᠨ ᠭᠤᠷᠪᠠᠳᠤᠭᠠᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠠᠶᠠᠯᠠᠭᠰᠠᠨ ᠵᠠᠮ ᠤᠨ ᠣᠷᠳᠣ ᠨᠢ 60 ᠲᠦᠮᠡᠨ ᠺᠢᠯᠣᠮᠧᠲᠷ ᠬᠦᠷᠬᠦ | ᠦᠶ᠎ᠡ ᠳᠤ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠨ᠎ᠠ᠃ ᠠᠶᠠᠯᠠᠭᠰᠠᠨ ᠵᠠᠮ ᠤᠨ ᠣᠷᠳᠣ ᠨᠢ 60 ᠲᠦᠮᠡᠨ ᠺᠢᠯᠣᠮᠧᠲᠷ ᠭᠦᠷᠦᠭᠰᠡᠨ ᠦᠭᠡᠢ ᠪᠣᠯᠪᠠᠴᠤ | ᠬᠡᠷᠡᠭᠯᠡᠭᠰᠡᠨ ᠵᠢᠯ ᠬᠤᠭᠤᠴᠠᠭ᠎ᠠ ᠨᠢ 8 ᠵᠢᠯ ᠪᠣᠯᠬᠤ ᠦᠶ᠎ᠡ ᠳᠤ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠪᠤᠴᠠᠭᠠᠨ ᠭᠠᠷᠭᠠᠨ᠎ᠠ᠃ | ᠵᠢᠵᠢᠭ ᠪᠢᠴᠢᠯ ᠬᠡᠯᠪᠡᠷᠢ ᠶᠢᠨ ᠡᠵᠡᠩᠨᠡᠯᠲᠡ ᠶᠢᠨ ᠪᠤᠰᠤ ᠠᠶᠠᠨᠴᠢᠳ ᠤᠨ ᠮᠠᠰᠢᠨ ᠲᠡᠷᠭᠡ ᠶᠢ ᠤᠷᠢᠳᠴᠢᠯᠠᠨ ᠪᠣᠯᠵᠣᠬᠤ ᠲᠦᠷᠢᠶᠡᠰᠦᠨ ᠤ ᠠᠶᠠᠨᠴᠢᠳ ᠤᠨ | ᠲᠡᠭᠡᠭᠡᠪᠦᠷᠢ ᠪᠠᠷ ᠳᠠᠩᠰᠠᠯᠠᠭᠤᠯᠤᠭᠰᠠᠨ ᠪᠣᠯ᠂ ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠣᠰᠣᠭᠠᠷ | ᠬᠡᠷᠡᠭᠯᠡᠭᠡᠨ ᠠᠴᠠ ᠭᠠᠷᠭᠠᠨ᠎ᠠ᠃ ᠪᠤᠰᠤᠳ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠶᠢ ᠤᠷᠢᠳᠴᠢᠯᠠᠨ ᠪᠣᠯᠵᠣᠬᠤ | ᠲᠦᠷᠢᠶᠡᠰᠦᠨ ᠤ ᠠᠶᠠᠨᠴᠢᠳ ᠤᠨ ᠲᠡᠭᠡᠭᠡᠪᠦᠷᠢ ᠪᠠᠷ ᠳᠠᠩᠰᠠᠯᠠᠭᠤᠯᠤᠭᠰᠠᠨ ᠪᠣᠯ᠂ ᠲᠣᠰ ᠲᠥᠷᠥᠯ ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ | ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠ ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ | ᠤᠷᠢᠳᠠᠪᠠᠷ ᠭᠦᠷᠦᠭᠰᠡᠨ ᠪᠠᠷᠢᠮᠵᠢᠶ᠎ᠠ ᠪᠠᠷ ᠬᠡᠷᠡᠭᠯᠡᠭᠡᠨ ᠠᠴᠠ ᠭᠠᠷᠭᠠᠨ᠎ᠠ᠃ | ᠠᠷᠪᠠᠨ ᠳᠥᠷᠪᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠲᠡᠭᠦᠨ ᠤ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ | ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠡᠵᠡᠩᠨᠡᠯᠲᠡ ᠠᠴᠠ ᠭᠠᠷᠤᠭᠰᠠᠨ ᠪᠤᠶᠤ ᠬᠦᠴᠦᠨ ᠲᠠᠢ ᠬᠤᠭᠤᠴᠠᠭ᠎ᠠ ᠳᠦᠭᠦᠷᠦᠭᠡᠳ ᠦᠷᠭᠦᠯᠵᠢᠯᠡᠭᠦᠯᠵᠦ ᠳᠡᠶᠢᠯᠦᠭᠰᠡᠨ ᠦᠭᠡᠢ ᠪᠤᠶᠤ ᠠᠶᠠᠯᠠᠭᠰᠠᠨ ᠵᠠᠮ ᠤᠨ | ᠣᠷᠳᠣ ᠨᠢ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠨᠥᠬᠦᠴᠡᠯ ᠳᠤ ᠬᠦᠷᠦᠭᠰᠡᠨ ᠪᠠᠶᠢᠪᠠᠯ᠂ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ ᠬᠦᠴᠦᠨ | ᠦᠭᠡᠢ ᠪᠣᠯᠭᠠᠨ᠎ᠠ᠃ | ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ | ᠳᠦᠭᠦᠷᠦᠭᠰᠡᠨ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠬᠤᠯᠪᠣᠭᠳᠠᠯ ᠪᠦᠬᠦᠢ | ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠶᠢᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠡᠵᠡᠩᠨᠡᠯᠲᠡ ᠠᠴᠠ ᠪᠤᠴᠠᠭᠠᠨ ᠭᠠᠷᠭᠠᠨ᠎ᠠ᠃ | ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠭᠠᠷᠤᠭᠰᠠᠨ ᠪᠠᠶᠢᠪᠠᠯ᠂ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ | ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ ᠬᠦᠴᠦᠨ ᠦᠭᠡᠢ ᠪᠣᠯᠭᠠᠭᠰᠠᠨ ᠭᠡᠷᠡᠴᠢ ᠪᠠᠨ ᠠᠪᠴᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠡᠷᠡᠭᠯᠡᠭᠡᠨ ᠤ ᠰᠢᠨᠵᠢ ᠴᠢᠨᠠᠷ ᠤᠨ ᠬᠤᠪᠢᠷᠠᠯᠲᠠ ᠶᠢᠨ ᠳᠠᠩᠰᠠᠯᠠᠯᠲᠠ ᠬᠢᠯᠭᠡᠨ᠎ᠡ᠃ | ᠠᠷᠪᠠᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡ ᠡᠷᠬᠢᠯᠡᠵᠦ ᠪᠠᠶᠢᠭ᠎ᠠ ᠵᠢᠯᠣᠭᠤᠴᠢ ᠳᠣᠣᠷᠠᠬᠢ ᠨᠥᠬᠦᠴᠡᠯ ᠳᠤ | ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠬᠠᠷᠠᠭᠠᠯᠵᠠᠭᠰᠠᠨ ᠵᠢᠯᠤᠭᠤᠳᠴᠤ ᠪᠣᠯᠬᠤ ᠬᠡᠯᠪᠡᠷᠢ ᠶᠢᠨ ᠮᠠᠰᠢᠨᠲᠤ ᠲᠡᠷᠭᠡ ᠵᠢᠯᠤᠭᠤᠳᠬᠤ ᠦᠨᠡᠮᠯᠡᠯ ᠢ ᠣᠯᠣᠭᠰᠠᠨ ᠪᠥᠭᠡᠳ 3 ᠵᠢᠯ ᠠᠴᠠ | ᠳᠡᠭᠡᠭᠰᠢ ᠲᠡᠷᠭᠡ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ ᠬᠡᠷᠡᠭᠲᠡᠢ︔ | ︵ᠬᠤᠶᠠᠷ︶ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠶᠠᠯ᠎ᠠ᠂ ᠠᠶᠤᠯᠲᠠᠢ ᠪᠠᠷ ᠲᠡᠷᠭᠡ ᠵᠢᠯᠣᠭᠤᠳᠤᠭᠰᠠᠨ ᠶᠠᠯ᠎ᠠ ᠶᠢᠨ ᠲᠡᠮᠳᠡᠭᠯᠡᠯ ᠦᠭᠡᠢ᠂ ᠬᠤᠣᠷ | ᠲᠠᠲᠠᠭᠰᠠᠨ ᠲᠡᠮᠳᠡᠭᠯᠡᠯ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠲᠡᠮᠳᠡᠭᠯᠡᠯ ᠦᠭᠡᠢ᠂ ᠣᠶᠢᠷ᠎ᠠ ᠳᠤ ᠵᠠᠯᠭᠠᠭ᠎ᠠ ᠪᠠᠷ 3 ᠬᠤᠪᠢ | ᠲᠡᠮᠳᠡᠭᠯᠡᠬᠦ ᠦᠶᠡᠯᠡᠯ ᠤᠨ ᠬᠤᠭᠤᠴᠠᠭᠠᠨ ᠳᠤ 12 ᠬᠤᠪᠢ ᠶᠢᠨ ᠲᠡᠮᠳᠡᠭᠯᠡᠯ ᠢ ᠳᠦᠭᠦᠷᠲᠡᠯ᠎ᠡ ᠲᠡᠮᠳᠡᠭᠯᠡᠭᠦᠯᠦᠭᠰᠡᠨ ᠦᠭᠡᠢ ᠪᠠᠶᠢᠬᠤ ᠬᠡᠷᠡᠭᠲᠡᠢ︔ | ︵ᠭᠤᠷᠪᠠ︶ ᠬᠦᠴᠦᠷᠬᠡᠭᠯᠡᠯ ᠤᠨ ᠶᠠᠯ᠎ᠠ ᠬᠢᠭᠰᠡᠨ ᠲᠡᠮᠳᠡᠭᠯᠡᠯ ᠦᠭᠡᠢ ᠪᠠᠶᠢᠬᠤ ᠬᠡᠷᠡᠭᠲᠡᠢ︔ | ︵ᠳᠥᠷᠪᠡ︶ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠵᠤ᠂ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾ ᠣᠯᠣᠭᠰᠠᠨ ᠪᠠᠶᠢᠪᠠᠯ᠂ | ᠨᠠᠰᠤ ᠵᠢᠯ ᠤᠨ ᠨᠥᠬᠦᠴᠡᠯ ᠢ ︽ᠬᠥᠬᠡᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠳᠦᠷᠢᠮ︾ ᠤᠨ | ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ︔ | ︵ᠲᠠᠪᠤ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ ᠪᠣᠯᠭᠠᠭᠰᠠᠨ ᠲᠡᠮᠳᠡᠭᠯᠡᠯ ᠦᠭᠡᠢ ᠪᠠᠶᠢᠬᠤ ᠬᠡᠷᠡᠭᠲᠡᠢ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃ | ᠠᠷᠪᠠᠨ ᠵᠢᠷᠭᠤᠳᠤᠭᠠᠷ ᠵᠦᠢᠯ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ︾ ᠢ ᠭᠤᠶᠤᠴᠢᠯᠠᠪᠠᠯ᠂ | ᠲᠤᠰ ᠬᠤᠲᠠ ᠳᠤ ᠡᠵᠡᠩᠨᠡᠬᠦ ᠪᠠᠷ ᠨᠢᠭᠡᠨᠲᠡ ᠵᠥᠪᠰᠢᠶᠡᠷᠡᠭᠰᠡᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠠᠷᠪᠠᠨ ᠲᠠᠪᠤᠳᠤᠭᠠᠷ | ᠵᠦᠢᠯ ᠳᠤ ᠲᠣᠭᠲᠠᠭᠠᠭᠰᠠᠨ ᠭᠡᠷᠡᠴᠢ ᠮᠠᠲ᠋ᠧᠷᠢᠶᠠᠯ ᠵᠢᠴᠢ ᠵᠢᠯᠣᠭᠤᠴᠢ ᠶᠢᠨ ᠨᠠᠶᠢᠳᠠᠯᠭ᠎ᠠ ᠶᠢᠨ ᠪᠢᠴᠢᠭ ᠪᠤᠶᠤ ᠬᠠᠮᠲᠤᠷᠠᠯᠴᠠᠬᠤ ᠰᠠᠨᠠᠮᠵᠢ ᠶᠢᠨ ᠪᠢᠴᠢᠭ ᠢ ᠠᠪᠴᠤ | ᠭᠦᠢᠴᠡᠳᠬᠡᠨ᠎ᠡ᠂ ᠡᠰᠡᠬᠦᠯ᠎ᠡ ᠵᠢᠯᠣᠭᠤᠴᠢ ᠥᠪᠡᠷ ᠢᠶᠠᠨ ᠠᠷᠪᠠᠨ ᠲᠠᠪᠤᠳᠤᠭᠠᠷ ᠵᠦᠢᠯ ᠳᠤ ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠢ ᠠᠪᠴᠤ ᠥᠪᠡᠷ ᠢᠶᠠᠨ | ᠭᠦᠢᠴᠡᠳᠬᠡᠵᠦ᠂ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠮᠥᠷᠲᠡᠭᠡᠨ | ᠠᠵᠢᠯ ᠡᠷᠭᠢᠯᠡᠬᠦ ᠬᠢᠷᠢ ᠬᠡᠮ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ | ᠡᠷᠭᠢᠯᠡᠬᠦ ᠬᠢᠷᠢ ᠬᠡᠮ ᠤᠨ ᠦᠨᠡᠮᠯᠡᠯ︾ ᠣᠯᠭᠤᠨ᠎ᠠ᠃ | ᠳᠥᠷᠪᠡᠳᠦᠭᠡᠷ ᠪᠦᠯᠦᠭ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠶᠢᠨ ᠦᠶᠯᠡ ᠠᠵᠢᠯᠯᠠᠭ᠎ᠠ | ᠠᠷᠪᠠᠨ ᠳᠣᠯᠣᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠳᠠᠭᠠᠭᠠᠴᠢᠯᠠᠨ ᠲᠡᠭᠡᠭᠡᠪᠦᠷᠢᠯᠡᠭᠴᠢ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠳᠡᠭᠡᠨ ᠡᠵᠡᠩᠨᠡᠯᠲᠡ ᠶᠢᠨ ᠠᠶᠤᠯᠭᠦᠢ ᠶᠢ ᠪᠠᠲᠤᠯᠠᠵᠤ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ | ᠬᠡᠷᠡᠭᠲᠡᠢ᠃ ᠦᠢᠯᠡᠴᠢᠯᠡᠭᠡᠨ ᠤ ᠶᠠᠪᠤᠴᠠ ᠳᠤ ᠭᠠᠷᠤᠭᠰᠠᠨ ᠠᠶᠤᠯᠭᠦᠢ ᠶᠢᠨ ᠬᠠᠷᠢᠭᠤᠴᠠᠯᠭ᠎ᠠ ᠶᠢᠨ ᠠᠳᠡᠯ ᠵᠡᠷᠭᠡ ᠳᠤ ᠤᠷᠢᠳᠠᠪᠠᠷ ᠲᠥᠯᠥᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠢ᠂ ᠶᠠᠮᠠᠷᠪᠠ ᠬᠡᠯᠪᠡᠷᠢ ᠪᠠᠷ ᠠᠶᠠᠨᠴᠢᠳ ᠵᠢᠴᠢ ᠵᠢᠯᠣᠭᠤᠴᠢ ᠳᠤ ᠦᠢᠯᠡᠴᠢᠯᠡᠭᠡᠨ ᠤ ᠲᠦᠭᠰᠢᠭᠦᠷᠢ ᠶᠢ ᠰᠢᠯᠵᠢᠭᠦᠯᠦᠨ ᠥᠭᠴᠦ ᠪᠣᠯᠬᠤ ᠦᠭᠡᠢ᠃ | | ᠠᠷᠪᠠᠨ ᠨᠠᠢᠮᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠢᠯᠡᠴᠢᠯᠡᠭᠡ ᠬᠠᠩᠭᠠᠬᠤ ᠮᠠᠰᠢᠨ ᠲᠡᠷᠭᠡ ᠶᠢᠨ | ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ ᠶᠢ ᠪᠠᠲᠤᠯᠠᠵᠤ᠂ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠮᠠᠰᠢᠨ ᠲᠡᠷᠭᠡ ᠶᠢ | ᠬᠠᠮᠠᠭᠠᠯᠠᠬᠤ ᠠᠵᠢᠯ ᠢ ᠰᠠᠶᠢᠲᠤᠷ ᠬᠢᠵᠦ᠂ ᠮᠠᠰᠢᠨ ᠲᠡᠷᠭᠡ ᠶᠢᠨ ᠮᠡᠷᠭᠡᠵᠢᠯ ᠤᠨ ᠪᠠᠶᠢᠳᠠᠯ ᠨᠢ ᠰᠠᠶᠢᠨ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠢ | ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠢᠯᠡᠴᠢᠯᠡᠭᠡ ᠬᠠᠩᠭᠠᠬᠤ ᠵᠢᠯᠣᠭᠤᠴᠢ ᠶᠢᠨ ᠠᠵᠢᠯ | ᠡᠷᠭᠢᠯᠡᠬᠦ ᠬᠠᠤᠯᠢ ᠶᠣᠰᠣᠨ ᠤ ᠬᠢᠷᠢ ᠬᠡᠮ ᠲᠠᠢ ᠪᠠᠶᠢᠬᠤ ᠶᠢ ᠪᠠᠲᠤᠯᠠᠵᠤ᠂ ᠬᠠᠮᠢᠶ᠎ᠠ ᠪᠦᠬᠦᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠵᠢᠯᠣᠭᠤᠴᠢ ᠶᠢᠨ | ᠪᠣᠯᠪᠠᠰᠤᠷᠠᠭᠤᠯᠤᠯ ᠪᠠ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠲᠥᠷᠥᠯ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠬᠠᠮᠠᠭᠠᠯᠠᠬᠤ | ᠬᠡᠷᠡᠭᠲᠡᠢ᠃ | ᠬᠤᠷᠢᠳᠤᠭᠠᠷ ᠵᠦᠢᠯ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠶᠢᠨ ᠳᠡᠩᠰᠡᠯᠡᠨ ᠲᠡᠮᠳᠡᠭᠯᠡᠬᠦ᠂ ᠡᠵᠡᠩᠨᠡᠬᠦ ᠪᠠ ᠠᠷᠠᠯᠵᠢᠶᠠᠯᠠᠬᠤ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ | ᠲᠠᠲᠠᠵᠤ ᠯᠠᠪᠯᠠᠬᠤ ᠦᠶ᠎ᠡ ᠳᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ | ᠮᠠᠲ᠋ᠧᠷᠢᠶᠠᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠠᠪᠴᠠᠩ ᠤᠨ ᠺᠣᠮᠫᠠᠨᠢ ᠪᠣᠯ ᠠᠶᠠᠨᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠪᠠ ᠦᠢᠯᠡᠴᠢᠯᠡᠭᠡᠨ ᠤ ᠠᠮᠠᠯᠠᠯᠲᠠ ᠵᠡᠷᠭᠡ ᠶᠣᠰᠣᠭᠠᠷ | ᠠᠶᠠᠨᠴᠢᠳ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠵᠡᠩᠨᠡᠯᠲᠡ | ᠦᠢᠯᠡᠴᠢᠯᠡᠭᠡᠨ ᠤ ᠶᠠᠰᠤ ᠴᠢᠨᠠᠷ ᠤᠨ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠶᠢᠨ ᠬᠦᠨᠳᠦ ᠶᠡᠭᠡ | ᠠᠳᠡᠯ ᠭᠠᠷᠭᠠᠭᠰᠠᠨ᠂ ᠠᠶᠠᠨᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ᠂ ᠡᠵᠡᠩᠨᠡᠯᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠵᠡᠷᠭᠡ ᠦᠶᠯᠡ | ᠠᠵᠢᠯᠯᠠᠭ᠎ᠠ ᠶᠢ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ | ᠰᠢᠢᠳᠪᠦᠷᠢᠯᠡᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠨᠢᠭᠡ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠮᠠᠨ ᠤ ᠬᠤᠳᠠ ᠳᠤ ᠵᠥᠪᠰᠢᠶᠡᠷᠡᠯ ᠣᠯᠣᠭᠰᠠᠨ ᠰᠦᠯᠵᠢᠶᠡᠨ ᠳᠡᠭᠡᠷ᠎ᠡ | ᠲᠡᠷᠭᠡ ᠪᠣᠯᠵᠣᠬᠤ ᠣᠯᠠᠨ ᠲᠠᠪᠴᠠᠩ ᠳᠤ ᠵᠠᠯᠭᠠᠨ ᠣᠷᠣᠵᠤ ᠵᠠᠬᠢᠶᠠᠯᠠᠭ᠎ᠠ ᠬᠦᠯᠢᠶᠡᠨ ᠡᠵᠡᠩᠨᠡᠵᠦ ᠪᠣᠯᠣᠨ᠎ᠠ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠥᠮᠴᠢᠯᠡᠭᠴᠢ ᠲᠡᠷᠭᠡ ᠶᠢᠨ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢᠶᠠᠨ ᠬᠤᠪᠢᠷᠠᠭᠤᠯᠵᠤ ᠪᠣᠯᠣᠨ᠎ᠠ᠂ ᠰᠦᠯᠵᠢᠶᠡᠨ ᠳᠡᠭᠡᠷ᠎ᠡ ᠪᠣᠯᠵᠣᠬᠤ ᠲᠡᠷᠭᠡᠨ ᠤ | ᠵᠢᠯᠣᠭᠤᠴᠢ ᠪᠣᠯᠣᠨ ᠲᠡᠷᠭᠡ ᠶᠢ ᠲᠣᠭᠲᠠᠮᠠᠯ ᠪᠠᠶᠢᠯᠭᠠᠬᠤ ᠬᠡᠷᠡᠭᠲᠡᠢ᠂ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ | ᠦᠨᠡᠮᠯᠡᠯ︾ ᠤᠨ ᠥᠮᠴᠢᠯᠡᠭᠴᠢ ᠶᠢ ᠬᠤᠪᠢᠷᠠᠭᠤᠯᠵᠤ ᠪᠣᠯᠬᠤ ᠦᠭᠡᠢ᠃ | ᠬᠤᠷᠢᠨ ᠭᠤᠷᠪᠠᠳᠤᠭᠠᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠵᠠᠮ ᠲᠣᠭᠤᠷᠢᠬᠤ ᠲᠦᠷᠢᠶᠡᠰᠦᠨ ᠮᠠᠰᠢᠨ ᠲᠡᠷᠭᠡᠨ ᠤ ᠣᠷᠣᠢ ᠶᠢᠨ ᠳ᠋ᠧᠩ᠂ | ᠦᠨ᠎ᠡ ᠪᠤᠳᠤᠬᠤ ᠮᠠᠰᠢᠨ ᠵᠡᠷᠭᠡ ᠲᠥᠬᠦᠭᠡᠷᠦᠮᠵᠢ ᠵᠢᠴᠢ ᠲᠤᠰᠬᠠᠢ ᠲᠡᠮᠳᠡᠭ ᠢ ᠬᠡᠷᠡᠭᠯᠡᠵᠦ ᠪᠣᠯᠬᠤ ᠦᠭᠡᠢ᠂ ᠵᠢᠯᠣᠭᠤᠴᠢ ᠨᠢ ᠲᠡᠷᠭᠡ ᠵᠣᠭᠰᠣᠬᠤ ᠶᠢ | ᠵᠥᠪᠰᠢᠶᠡᠷᠡᠭᠰᠡᠨ ᠭᠠᠵᠠᠷ ᠲᠤ ᠵᠠᠬᠢᠶᠠᠯᠠᠭ᠎ᠠ ᠬᠦᠯᠢᠶᠡᠬᠦ ᠬᠡᠷᠡᠭᠲᠡᠢ᠂ ᠡᠬᠢᠯᠡᠯᠲᠡ ᠲᠡᠭᠦᠰᠬᠡᠯ ᠤᠨ ᠨᠢᠭᠡ ᠦᠵᠦᠭᠦᠷ ᠨᠢ ᠵᠥᠪᠰᠢᠶᠡᠷᠡᠭᠰᠡᠨ ᠡᠵᠡᠩᠨᠡᠯᠲᠡ ᠶᠢᠨ ᠣᠷᠣᠨ | ᠲᠣᠭᠤᠷᠢᠭ ᠲᠤ ᠪᠠᠶᠢᠬᠤ ᠬᠡᠷᠡᠭᠲᠡᠢ᠂ ᠵᠠᠮ ᠲᠣᠭᠤᠷᠢᠨ ᠵᠣᠴᠢᠨ ᠲᠠᠲᠠᠬᠤ ᠪᠠ ᠥᠷᠲᠡᠭᠡ ᠴᠡᠭ ᠲᠤ ᠵᠣᠴᠢᠨ ᠬᠦᠯᠢᠶᠡᠵᠦ ᠪᠣᠯᠬᠤ ᠦᠭᠡᠢ᠃ | ᠬᠤᠷᠢᠨ ᠳᠥᠷᠪᠡᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠲᠡᠭᠡᠭᠡᠪᠦᠷᠢ ᠶᠢᠨ ᠦᠨ᠎ᠡ ᠶᠢᠨ ᠳᠦᠷᠢᠮ ᠵᠢᠴᠢ | ᠪᠠᠷᠢᠮᠵᠢᠶ᠎ᠠ ᠶᠢ ᠤᠷᠢᠳᠴᠢᠯᠠᠨ ᠵᠠᠷᠯᠠᠨ ᠨᠡᠶᠢᠲᠡᠯᠡᠬᠦ ᠶᠢᠨ ᠬᠠᠮᠲᠤ᠂ ᠤᠯᠤᠰ ᠤᠨ ᠪᠠ ᠲᠣᠰ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ | ᠲᠣᠰ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠪᠠᠷᠢᠮᠲᠠ ᠶᠢ ᠬᠠᠩᠭᠠᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠲᠠᠪᠴᠠᠩ ᠤᠨ ᠺᠣᠮᠫᠠᠨᠢ ᠳᠤ ᠲᠣᠭᠲᠠᠭᠰᠠᠨ ᠬᠤᠭᠤᠴᠠᠭ᠎ᠠ ᠲᠠᠢ ᠪᠠᠷ ᠦᠢᠯᠡᠴᠢᠯᠡᠭᠡᠨ ᠤ ᠶᠠᠰᠤ ᠴᠢᠨᠠᠷ ᠤᠨ ᠢᠲᠡᠭᠡᠯ ᠬᠦᠨᠳᠦ ᠶᠢᠨ ᠬᠢᠨᠠᠨ ᠰᠢᠯᠭᠠᠯᠲᠠ | ᠬᠢᠵᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ᠂ ᠵᠢᠯᠣᠭᠤᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ | ᠨᠡᠶᠢᠭᠡᠮ ᠨᠡᠶᠢᠲᠡ ᠪᠠ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ | ᠲᠠᠪᠤᠳᠤᠭᠠᠷ ᠪᠦᠯᠦᠭ ᠬᠢᠨᠠᠯᠲᠠ ᠪᠠᠶᠢᠴᠠᠭᠠᠯᠲᠠ | ᠬᠤᠷᠢᠨ ᠵᠢᠷᠭᠤᠳᠤᠭᠠᠷ ᠵᠦᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠪᠣᠯᠵᠣᠬᠤ | ᠲᠡᠷᠭᠡ ᠶᠢ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠲᠠ ᠶᠢᠨ | ᠲᠦᠷᠢᠶᠡᠰᠦᠨ ᠮᠠᠰᠢᠨ ᠲᠡᠷᠭᠡᠨ ᠤ ᠥᠭᠡᠷᠡᠴᠢᠯᠡᠯᠲᠡ ᠪᠠ ᠠᠵᠢᠯ ᠲᠥᠷᠥᠯ ᠢ ᠲᠣᠭᠲᠠᠭᠤᠨ ᠪᠠᠶᠢᠯᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠲᠣᠭᠲᠠᠭᠤᠨ ᠢ ᠬᠠᠮᠠᠭᠠᠯᠠᠬᠤ ᠲᠣᠪᠴᠢᠶ᠎ᠠ ᠶᠢᠨ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠮᠡᠳᠡᠭᠡ ᠵᠠᠩᠭᠢ ᠶᠢᠨ ᠰᠣᠯᠢᠯᠴᠠᠬᠤ ᠪᠠ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ | ᠴᠢᠩᠭᠠᠳᠬᠠᠨ᠂ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠢ ᠥᠷᠨᠢᠭᠦᠯᠬᠦ | ᠬᠡᠷᠡᠭᠲᠡᠢ᠃ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠶᠢᠨ | ᠬᠥᠬᠡᠬᠤᠲᠠ ᠳᠤ ᠰᠠᠭᠤᠭ᠎ᠠ ᠪᠠᠶᠢᠭᠤᠯᠤᠮᠵᠢ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠵᠦ᠂ ᠰᠦᠯᠵᠢᠶᠡᠨ ᠳᠡᠭᠡᠷ᠎ᠡ ᠪᠣᠯᠵᠣᠬᠤ | ᠲᠡᠷᠭᠡ ᠶᠢᠨ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠦᠭᠡᠢ ᠪᠠᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠬᠢᠬᠦ᠂ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨᠠᠬᠢ ᠮᠠᠰᠢᠨ ᠲᠡᠷᠭᠡ ᠪᠤᠶᠤ ᠬᠥᠮᠥᠨ ᠨᠢ ᠨᠢᠭᠡᠳᠦᠯ ᠦᠭᠡᠢ ᠪᠠᠶᠢᠬᠤ᠂ ᠮᠡᠳᠡᠭᠡ ᠵᠠᠩᠭᠢ ᠶᠢ ᠵᠠᠳᠠᠷᠠᠭᠤᠯᠬᠤ᠂ ᠬᠠᠤᠯᠢ ᠶᠣᠰᠣᠭᠠᠷ ᠭᠠᠶᠢᠯᠢ | ᠲᠤᠰᠢᠶᠠᠬᠤ ᠦᠭᠡᠢ ᠪᠠᠶᠢᠬᠤ᠂ ᠵᠦᠢ ᠪᠤᠰᠤ ᠥᠷᠢᠰᠦᠯᠳᠦᠭᠡᠨ ᠬᠢᠬᠦ᠂ ᠦᠨ᠎ᠡ ᠬᠠᠩᠰᠢ ᠶᠢᠨ ᠮᠡᠬᠡᠯᠡᠯ ᠬᠢᠬᠦ᠂ ᠦᠨ᠎ᠡ ᠬᠠᠩᠰᠢ ᠶᠢ ᠭᠠᠭᠴᠠᠭᠠᠷ ᠡᠵᠡᠮᠰᠢᠬᠦ᠂ | ᠬᠠᠤᠯᠢ ᠪᠤᠰᠤ ᠪᠠᠷ ᠡᠵᠡᠩᠨᠡᠨ ᠪᠡᠯᠡ ᠮᠥᠩᠭᠦ ᠲᠥᠯᠥᠵᠦ ᠳ᠋ᠦᠩᠨᠡᠨ ᠪᠤᠳᠤᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠬᠠᠮᠲᠤᠷᠠᠨ ᠬᠢᠨᠠᠨ ᠬᠠᠮᠢᠶᠠᠷᠴᠤ᠂ ᠬᠠᠮᠲᠤᠷᠠᠨ ᠬᠢᠨᠠᠨ ᠬᠠᠮᠢᠶᠠᠷᠬᠤ ᠶᠢ ᠰᠠᠨᠠᠭᠠᠴᠢᠯᠠᠭᠰᠠᠨ ᠲᠠᠯ᠎ᠠ ᠨᠢ ᠳᠡᠭᠡᠷ᠎ᠡ ᠳᠤᠷᠠᠳᠤᠭᠰᠠᠨ ᠪᠣᠳᠠᠲᠠᠢ ᠵᠦᠢᠯᠡᠰ ᠤᠨ ᠭᠤᠣᠯ | ᠪᠤᠶᠤ ᠰᠢᠭᠤᠳ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ | ᠬᠤᠷᠢᠨ ᠨᠠᠢᠮᠠᠳᠤᠭᠠᠷ ᠵᠦᠢᠯ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠬᠤ ᠪᠠ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠯᠤᠭ᠎ᠠ ᠮᠡᠳᠡᠭᠡ ᠵᠠᠩᠭᠢ ᠶᠢ ᠬᠤᠪᠢᠶᠠᠯᠴᠠᠬᠤ ᠶᠢ | ᠪᠡᠶᠡᠯᠡᠭᠦᠯᠬᠦ ᠬᠡᠷᠡᠭᠲᠡᠢ᠃ ᠬᠤᠪᠢᠶᠠᠯᠴᠠᠬᠤ ᠮᠡᠳᠡᠭᠡ ᠵᠠᠩᠭᠢ ᠳᠤ ᠮᠠᠰᠢᠨ ᠲᠡᠷᠭᠡ ᠪᠣᠯᠣᠨ ᠵᠢᠯᠣᠭᠤᠴᠢ᠂ ᠮᠠᠰᠢᠨ ᠲᠡᠷᠭᠡᠨ ᠤ ᠠᠶᠠᠯᠠᠭᠰᠠᠨ ᠵᠠᠮ ᠮᠥᠷ᠂ | ᠵᠠᠬᠢᠶᠠᠯᠠᠭ᠎ᠠ ᠶᠢᠨ ᠨᠠᠷᠢᠨ ᠪᠠᠶᠢᠳᠠᠯ᠂ ᠦᠢᠯᠡᠴᠢᠯᠡᠭᠡᠨ ᠤ ᠶᠠᠰᠤ ᠴᠢᠨᠠᠷ᠂ ᠠᠶᠠᠨᠴᠢᠳ ᠤᠨ ᠦᠨᠡᠯᠡᠯᠲᠡ ᠵᠡᠷᠭᠡ ᠮᠡᠳᠡᠭᠡ ᠵᠠᠩᠭᠢ ᠵᠢᠴᠢ ᠠᠶᠠᠨᠴᠢᠳ ᠤᠨ | ᠵᠠᠭᠠᠯᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠪᠠᠭᠲᠠᠭᠠᠵᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠱᠠᠭᠠᠷᠳᠠᠯᠭ᠎ᠠ | ᠶᠣᠰᠣᠭᠠᠷ ᠬᠢᠨᠠᠨ ᠬᠠᠮᠢᠶᠠᠷᠬᠤ ᠲᠠᠪᠴᠠᠩ ᠳᠤ ᠪᠥᠬᠦ ᠬᠡᠮᠵᠢᠶᠡᠨ ᠤ ᠮᠡᠳᠡᠭᠡ ᠵᠠᠩᠭᠢ ᠶᠢ ᠳᠠᠮᠵᠢᠭᠤᠯᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠶᠢᠨ ᠬᠤᠯᠪᠣᠭᠳᠠᠯ ᠪᠦᠬᠦᠢ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠬᠤ᠂ ᠬᠠᠳᠠᠭᠠᠯᠠᠬᠤ᠂ ᠰᠢᠢᠳᠪᠦᠷᠢᠯᠡᠬᠦ ᠪᠠ | ᠠᠰᠢᠭᠯᠠᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠬᠦ᠂ ᠰᠦᠯᠵᠢᠶ᠎ᠡ ᠪᠠ ᠮᠡᠳᠡᠭᠡ | ᠵᠠᠩᠭᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡᠨ ᠤ ᠲᠠᠪᠴᠠᠩ ᠢ ᠬᠡᠷᠡᠭᠯᠡᠨ | ᠮᠡᠳᠡᠭᠡ ᠵᠠᠩᠭᠢ ᠨᠡᠶᠢᠲᠡᠯᠡᠬᠦ ᠪᠤᠶᠤ ᠠᠵᠤ ᠠᠬᠤᠶᠢᠯᠠᠯ᠂ ᠬᠤᠪᠢ ᠬᠥᠮᠥᠨ ᠵᠢᠴᠢ ᠪᠤᠰᠤᠳ ᠪᠦᠯᠬᠦᠮ ᠵᠣᠬᠢᠶᠠᠨ ᠪᠠᠶᠢᠭᠤᠯᠤᠯᠲᠠ ᠶᠢᠨ ᠬᠤᠣᠷ ᠬᠥᠨᠥᠭᠡᠯ ᠲᠠᠢ | ᠮᠡᠳᠡᠭᠡ ᠵᠠᠩᠭᠢ ᠨᠡᠶᠢᠲᠡᠯᠡᠬᠦ ᠳᠤ ᠲᠥᠬᠦᠮ ᠦᠵᠡᠭᠦᠯᠬᠦ ᠵᠡᠷᠭᠡ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠲᠠᠪᠴᠠᠩ ᠤᠨ ᠺᠣᠮᠫᠠᠨᠢ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠳ | ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠰᠦᠯᠵᠢᠶᠡᠨ ᠤ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠠᠶᠤᠯᠭᠦᠢ ᠶᠢᠨ | ᠬᠠᠮᠠᠭᠠᠯᠠᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠬᠤᠯᠪᠣᠭᠳᠠᠯ ᠪᠦᠬᠦᠢ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠢᠨᠠᠨ ᠪᠠᠶᠢᠴᠠᠭᠠᠬᠤ ᠬᠡᠷᠡᠭᠲᠡᠢ᠃ | ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠭᠦᠢᠴᠡᠳ ᠠᠰᠢᠭᠯᠠᠨ ᠡᠯ᠎ᠡ ᠰᠠᠯᠠᠭ᠎ᠠ | ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠰᠣᠯᠢᠯᠴᠠᠵᠤ ᠬᠤᠪᠢᠶᠠᠯᠴᠠᠬᠤ ᠶᠢ ᠴᠢᠩᠭᠠᠳᠬᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠳ ᠦᠨᠡᠮᠯᠡᠯ ᠲᠠᠢ ᠵᠢᠯᠣᠭᠤᠴᠢ ᠶᠢᠨ ᠠᠬᠤᠢ ᠪᠠᠶᠢᠳᠠᠯ ᠤᠨ ᠮᠡᠳᠡᠭᠡ ᠵᠠᠩᠭᠢ ᠶᠢᠨ ᠬᠤᠪᠢᠷᠠᠯᠲᠠ ᠶᠢᠨ ᠪᠠᠶᠢᠳᠠᠯ ᠢ ᠤᠯᠠᠷᠢᠯ ᠪᠦᠷᠢ ᠬᠠᠷᠭᠤᠭᠤᠯᠤᠨ | ᠪᠠᠶᠢᠴᠠᠭᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ | ᠳᠤᠨᠢ ᠬᠠᠷᠢᠭᠤ ᠲᠤᠰᠬᠠᠬᠤ ᠬᠡᠷᠡᠭᠲᠡᠢ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠶᠢᠨ ᠡᠵᠡᠩᠨᠡᠯᠲᠡ ᠶᠢᠨ ᠠᠵᠢᠯᠯᠠᠭ᠎ᠠ᠂ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠵᠦᠢ ᠪᠤᠰᠤ ᠥᠷᠢᠰᠦᠯᠳᠦᠭᠡᠨ᠂ | ᠦᠨ᠎ᠡ ᠬᠠᠩᠰᠢ ᠶᠢᠨ ᠮᠡᠬᠡᠯᠡᠯ᠂ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠶᠢ ᠰᠡᠷᠭᠡᠶᠢᠯᠡᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ | ᠬᠡᠷᠡᠭᠲᠡᠢ᠃ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠪᠠ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠶᠢᠨ ᠠᠵᠢᠯᠯᠠᠭ᠎ᠠ ᠳᠤ | ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃ | ᠭᠤᠴᠢᠳᠤᠭᠠᠷ ᠵᠦᠢᠯ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠲᠠᠪᠴᠠᠩ ᠤᠨ ᠺᠣᠮᠫᠠᠨᠢ ᠪᠣᠯᠣᠨ ᠵᠢᠯᠣᠭᠤᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ ᠶᠢᠨ ᠬᠠᠮᠲᠤ ᠢᠲᠡᠭᠡᠮᠵᠢ ᠶᠢᠨ ᠮᠡᠳᠡᠭᠡ ᠵᠠᠩᠭᠢ ᠶᠢ | ᠬᠤᠪᠢᠶᠠᠯᠴᠠᠬᠤ ᠲᠠᠪᠴᠠᠩ ᠳᠤ ᠣᠷᠣᠭᠤᠯᠬᠤ ᠬᠡᠷᠡᠭᠲᠡᠢ᠃ ᠡᠭᠦᠨ ᠤ ᠬᠠᠮᠲᠤ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠬᠠᠤᠯᠢ ᠶᠣᠰᠣᠭᠠᠷ ᠢᠯᠡ ᠨᠡᠶᠢᠲᠡᠯᠡᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠲᠦᠷᠢᠶᠡᠰᠦᠨ ᠮᠠᠰᠢᠨ ᠲᠡᠷᠭᠡᠨ ᠤ ᠨᠡᠶᠢᠭᠡᠮᠯᠢᠭ ᠨᠢ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ | ᠪᠣᠯᠣᠨ ᠵᠢᠯᠣᠭᠤᠴᠢ ᠶᠢᠨ ᠮᠠᠭᠤ ᠲᠡᠮᠳᠡᠭᠯᠡᠯ ᠤᠨ ᠨᠡᠷᠡᠰ ᠤᠨ ᠳᠦᠷᠢᠮ ᠢ ᠪᠠᠶᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ | ᠬᠡᠷᠡᠭᠲᠡᠢ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠬᠤᠶᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠵᠢᠴᠢ ᠵᠢᠯᠣᠭᠤᠴᠢ ︽ᠰᠦᠯᠵᠢᠶᠡᠨ ᠳᠡᠭᠡᠷ᠎ᠡ ᠪᠣᠯᠵᠣᠬᠤ | ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ | ᠳᠦᠷᠢᠮ ᠲᠣᠭᠲᠠᠭᠠᠯ ᠢ ᠵᠥᠷᠢᠴᠡᠪᠡᠯ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠭᠤᠴᠢᠨ ᠭᠤᠷᠪᠠᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠶᠯᠡ | ᠠᠵᠢᠯᠯᠠᠭ᠎ᠠ ᠶᠢ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ | ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠪᠠ ᠠᠷᠠᠳ ᠤᠨ ᠪᠠᠩᠬᠢ ᠶᠢᠨ | ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ᠠᠴᠠ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠠᠤᠯᠢ ᠲᠣᠭᠲᠠᠭᠠᠯ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠳᠥᠷᠪᠡᠳᠦᠭᠡᠷ ᠵᠦᠢᠯ ᠵᠠᠮ ᠲᠣᠭᠤᠷᠢᠬᠤ ᠲᠦᠷᠢᠶᠡᠰᠦᠨ ᠮᠠᠰᠢᠨ ᠲᠡᠷᠭᠡ ᠨᠢ ᠴᠠᠬᠢᠯᠭᠠᠨ ᠬᠤᠯᠪᠣᠭ᠎ᠠ᠂ ᠲᠣᠣᠷ ᠰᠦᠯᠵᠢᠶ᠎ᠡ ᠵᠡᠷᠭᠡ ᠪᠠᠷ | ᠳᠠᠭᠤᠳᠠᠬᠤ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠠᠶᠠᠨᠴᠢᠳ ᠲᠤ ᠡᠵᠡᠩᠨᠡᠯᠲᠡ ᠶᠢᠨ ᠦᠢᠯᠡᠴᠢᠯᠡᠭᠡ ᠬᠠᠩᠭᠠᠪᠠᠯ᠂ ᠲᠤᠰ ᠬᠡᠷᠡᠭᠵᠢᠭᠦᠯᠬᠦ ᠨᠠᠷᠢᠨ ᠳᠦᠷᠢᠮ ᠢ | ᠬᠡᠷᠡᠭᠯᠡᠬᠦ ᠦᠭᠡᠢ᠃ | ᠭᠤᠴᠢᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠢᠶᠠᠷ ᠳᠠᠮᠵᠢᠭᠤᠯᠤᠨ ᠳᠠᠭᠤᠳᠠᠬᠤ ᠦᠢᠯᠡᠴᠢᠯᠡᠭᠡ ᠬᠠᠩᠭᠠᠬᠤ ᠵᠠᠮ | ᠲᠣᠭᠤᠷᠢᠬᠤ ᠲᠡᠷᠭᠡ ᠨᠢ ᠵᠠᠮ ᠲᠣᠭᠤᠷᠢᠬᠤ ᠲᠡᠷᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠃ | | | |