ᠮᠠᠨ ᠤ ᠬᠤᠲᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢ ᠰᠢᠢᠳᠪᠦᠷᠢᠯᠡᠬᠦ ᠠᠵᠢᠯ ᠳᠤᠮᠳᠠ ᠰᠢᠪᠲᠤᠯᠤᠯᠲᠠ ᠶᠢᠨ ᠴᠢᠨᠠᠷᠲᠠᠢ ᠠᠬᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2023/12/15
      ︵ᠰᠤᠷᠪᠤᠯᠵᠢᠯᠠᠭᠴᠢ ᠰᠥᠩ ᠰᠢᠶᠠᠩ ᠬᠤᠸᠠ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠯ ᠶᠡᠬᠡᠲᠡᠢ ᠪᠠᠶᠢᠭ᠎ᠠ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷ ᠭᠦᠢᠴᠡᠳᠬᠡᠯ ᠢ ᠭᠦᠢᠴᠡᠳᠬᠡᠬᠦ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠨᠡᠮᠯᠡᠯ ᠠᠪᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠪᠡ᠃ 12 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠴᠠᠭᠠᠵᠤ ᠣᠶᠢᠯᠠᠭᠠᠭᠰᠠᠨ ᠦᠨᠡᠮᠯᠡᠯ ᠠᠪᠬᠤ ᠳᠤ ᠬᠦᠴᠢᠷᠲᠡᠢ 13 ᠲᠥᠷᠥᠯ ᠵᠦᠢᠯ ᠳᠤ᠂ ᠭᠦᠢᠴᠡᠳᠬᠡᠬᠦ ᠶᠣᠰᠣᠲᠠᠢ ᠶᠢ  ᠨᠢ ᠦᠨᠳᠦᠰᠦᠨ ᠳᠡᠭᠡᠨ ᠪᠦᠬᠦᠨ ᠢ ᠭᠦᠢᠴᠡᠳᠬᠡᠪᠡ᠃ ᠡᠭᠦᠨ ᠳᠤ᠂ 6 ᠲᠥᠷᠥᠯ ᠵᠦᠢᠯ ᠢ ᠨᠢᠭᠡᠨᠲᠡ ᠭᠦᠢᠴᠡᠳᠬᠡᠵᠦ ᠳᠠᠭᠤᠰᠬᠠᠪᠠ︔ 2 ᠲᠥᠷᠥᠯ ᠵᠦᠢᠯ ᠤᠨ ᠲᠦᠭᠵᠢᠷᠡᠯ ᠤᠨ ᠠᠰᠠᠭᠤᠳᠠᠯ ᠢ ᠤᠷᠤᠭᠰᠢᠲᠠᠢ ᠰᠢᠢᠳᠪᠦᠷᠢᠯᠡᠵᠦ᠂ ᠲᠠᠷᠠᠭᠠᠴᠢ ᠶᠢᠨ ᠭᠠᠷᠳᠠᠮ ᠢ ᠭᠦᠢᠴᠡᠳᠬᠡᠬᠦ ᠶᠢ ᠶᠠᠭ ᠠᠬᠢᠭᠤᠯᠵᠤ ᠪᠠᠶᠢᠨ᠎ᠠ︔ ᠦᠯᠡᠳᠡᠭᠰᠡᠨ 5 ᠲᠥᠷᠥᠯ ᠵᠦᠢᠯ ᠨᠢ ᠠᠵᠤ ᠠᠬᠤᠶᠢᠯᠠᠯ ᠤᠨ ᠬᠠᠮᠢᠶ᠎ᠠ ᠪᠦᠬᠦᠢ ᠲᠣᠭᠲᠠᠭᠠᠯ ᠤᠨ ᠰᠦᠢᠳᠬᠡᠯ ᠲᠤᠰᠢᠶᠠᠬᠤ ᠴᠢᠳᠠᠯ ᠦᠭᠡᠢ᠂ ᠬᠠᠤᠯᠢ ᠴᠠᠭᠠᠵᠠ ᠵᠠᠷᠭᠤ ᠳᠤ ᠬᠤᠯᠪᠣᠭᠳᠠᠭᠰᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠵᠡᠯᠡᠨ ᠭᠡᠷ ᠪᠠᠷᠢᠭᠰᠠᠨ ᠵᠡᠷᠭᠡ ᠰᠢᠯᠲᠠᠭᠠᠨ ᠠᠴᠠ ᠪᠣᠯᠵᠤ᠂ ᠲᠦᠷ ᠴᠠᠭ ᠰᠢᠢᠳᠪᠦᠷᠢᠯᠡᠬᠦ ᠶᠢᠨ ᠠᠷᠭ᠎ᠠ ᠦᠭᠡᠢ ᠪᠠᠶᠢᠨ᠎ᠠ᠃      ᠡᠨᠡ ᠵᠢᠯ ᠠᠴᠠ ᠨᠠᠭᠠᠰᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷ ᠭᠦᠢᠴᠡᠳᠬᠡᠯ ᠬᠢᠬᠦ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠤᠳᠠᠭ᠎ᠠ ᠲᠦᠯᠬᠢᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠬᠠᠷᠢᠯᠴᠠᠵᠤ᠂ ︽ᠲᠦᠭᠵᠢᠷᠡᠯ ᠤᠨ ᠴᠡᠭ︾ ᠢ ᠨᠠᠪᠲᠠᠷᠡᠭᠦᠯᠵᠦ᠂ ︽ᠬᠦᠴᠢᠷ ᠠᠰᠠᠭᠤᠳᠠᠯ︾ ᠢ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠳᠤ ᠦᠨᠡᠮᠯᠡᠯ ᠭᠦᠢᠴᠡᠳᠬᠡᠬᠦ ᠠᠷᠭ᠎ᠠ ᠵᠠᠮ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠲᠤ ᠲᠤᠰᠬᠠᠢ ᠠᠵᠤ ᠠᠬᠤᠶᠢᠯᠠᠯ ᠤᠨ ᠴᠣᠩᠬᠤ ᠭᠠᠷᠭᠠᠵᠤ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ᠂ ︽ᠪᠥᠬᠦ ᠲᠠᠯ᠎ᠠ ᠶᠢᠨ︾ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠲᠡᠷᠡ ᠳᠠᠷᠤᠢ ᠳᠤᠨᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠣᠯᠵᠤ ᠳᠡᠶᠢᠯᠬᠦ ᠶᠢ ᠦᠨᠡᠨᠬᠦ ᠪᠠᠲᠤᠯᠠᠪᠠ᠃      ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠢᠯᠡᠳᠬᠡᠬᠦ ᠳᠡᠭᠡᠨ᠂ ᠦᠷᠭᠦᠯᠵᠢᠯᠡᠨ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠪᠠᠶᠢᠳᠠᠯ ᠢ ᠡᠪᠳᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢ ᠭᠦᠢᠴᠡᠳᠬᠡᠬᠦ ᠠᠵᠢᠯ ᠳᠤ ᠲᠤᠯᠭᠠᠷᠠᠭᠰᠠᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠯᠤᠭᠤᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠦᠨᠡᠮᠯᠡᠯ ᠠᠪᠬᠤ ᠳᠤ ᠬᠦᠴᠢᠷ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠪᠠᠲᠤᠯᠠᠨ᠎ᠠ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ