︽ᠮᠥᠰᠥ ᠴᠠᠰᠤᠨ ᠬᠥᠬᠡ ᠬᠤᠲᠠ · ᠪᠠᠶᠠᠷ ᠴᠡᠩᠭᠡᠯᠲᠦ ᠤᠮᠠᠷᠠᠲᠤ ᠬᠢᠯᠢ ︾ 2023 ︱ 2024 ᠣᠨ ᠤ ᠬᠥᠬᠡᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠶᠢᠷ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2023/12/18
      ︵ᠰᠤᠷᠪᠤᠯᠵᠢᠯᠠᠭᠴᠢ ᠶᠠᠩ ᠼᠠᠢ ᠰᠢᠶᠠ︶ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠡᠬᠢᠯᠡᠬᠦ ᠤᠯᠠᠮ ᠠᠴᠠ ᠤᠯᠠᠮ ᠣᠶᠢᠷᠠᠲᠤᠬᠤ ᠶᠢ ᠳᠠᠭᠠᠯᠳᠤᠨ᠂ ᠬᠥᠬᠡᠬᠤᠲᠠ ᠶᠢᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠲᠠᠨᠢᠯᠴᠠᠭᠤᠯᠵᠤ᠂ ︽ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠡᠵᠡᠩᠨᠡᠯᠲᠡ ᠶᠢᠨ ᠬᠡᠯᠪᠡᠷᠢ︾ ᠶᠢᠨ ᠵᠢᠭᠤᠯᠴᠢᠯᠠᠯ ᠤᠨ ᠰᠢᠨ᠎ᠡ ᠵᠠᠭᠪᠤᠷ ᠢ ᠡᠭᠦᠳᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 15 ᠤ ᠡᠳᠦᠷ᠂ ︽ᠮᠥᠰᠥ ᠴᠠᠰᠤᠨ ᠬᠥᠬᠡ ᠬᠤᠲᠠ · ᠪᠠᠶᠠᠷ ᠴᠡᠩᠭᠡᠯᠲᠦ ᠤᠮᠠᠷᠠᠲᠤ ᠬᠢᠯᠢ︾ 2023 ︱ 2024 ᠣᠨ ᠤ ᠬᠥᠬᠡᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠶᠢᠷ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ᠃      ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ︽ᠬᠥᠬᠡ ᠬᠤᠲᠠ ᠶᠢᠨ ᠠᠷᠪᠠᠨ ᠵᠢᠷᠭᠤᠭᠠᠨ ᠦᠵᠡᠮᠵᠢ︾ ᠶᠢ ᠨᠡᠶᠢᠲᠡᠯᠡᠵᠦ᠂ ᠮᠠᠨ ᠤ ᠬᠤᠲᠠ ᠶᠢᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠲᠥᠷᠥᠯ ᠵᠦᠢᠯ ᠳᠤ ᠲᠠᠨᠢᠯᠴᠠᠭᠤᠯᠭ᠎ᠠ ᠬᠢᠵᠦ᠂ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠶᠢᠨ ᠡᠪᠦᠯ ᠤᠨ ᠠᠩ᠂ ᠢᠦᠢ ᠴᠢᠦᠸᠠᠨ ᠲᠣᠭᠤᠷᠢᠭ ᠤᠨ ᠡᠪᠦᠯ ᠤᠨ ᠤᠯᠠᠷᠢᠯ ᠤᠨ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠂ ᠡᠪᠦᠯ ᠤᠨ ᠤᠯᠠᠷᠢᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ᠂ 2024 ᠣᠨ ᠤ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠮᠥᠰᠥ ᠴᠠᠰᠤᠨ ᠤ ᠨᠠᠶᠢᠷ᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠶᠢᠨ ᠡᠪᠦᠯ ᠤᠨ ᠤᠯᠠᠷᠢᠯ ᠤᠨ ᠰᠢᠷᠢᠰ ᠠᠵᠢᠯᠯᠠᠭ᠎ᠠ ᠵᠡᠷᠭᠡ ᠳᠤ ᠭᠤᠣᠯᠳᠠᠯᠭ᠎ᠠ ᠲᠠᠢ ᠲᠠᠨᠢᠯᠴᠠᠭᠤᠯᠭ᠎ᠠ ᠬᠢᠪᠡ᠃ ᠲᠤᠬᠠᠢ ᠶᠢᠨ ᠲᠠᠯᠠᠪᠤᠷ ᠲᠤ ᠪᠠᠰᠠ ︽ᠪᠡᠭᠡᠵᠢᠩ ︱ ᠬᠥᠬᠡᠬᠤᠲᠠ︾ ᠶᠢᠨ ᠴᠠᠰᠤᠨ ᠳᠤ ᠭᠤᠯᠭᠤᠬᠤ ᠲᠤᠰᠬᠠᠢ ᠭᠠᠯᠲᠤ ᠲᠡᠷᠭᠡ ᠨᠡᠪᠲᠡᠷᠡᠬᠦ ᠶᠣᠰᠣᠯᠠᠯ ᠬᠢᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠵᠢᠭᠤᠯᠴᠢᠯᠠᠯ ᠤᠨ ᠭᠠᠵᠠᠷ ᠲᠤᠬᠠᠢ ᠶᠢᠨ ᠲᠠᠯᠠᠪᠤᠷ ᠲᠤ ᠵᠥᠪᠯᠡᠯᠴᠡᠭᠡᠷ ᠲᠣᠭᠲᠠᠪᠠ᠃      ᠣᠶᠢᠯᠠᠭᠠᠭᠰᠠᠨ ᠢᠶᠠᠷ᠂ ︽2023 ︱ 2024 ᠬᠥᠬᠡᠬᠤᠲᠠ ᠶᠢᠨ ᠮᠥᠰᠥ ᠴᠠᠰᠤᠨ ᠤ ᠪᠠᠶᠠᠷ︾ 12 ᠳ᠋ᠤᠭᠠᠷ ᠰᠠᠷ᠎ᠠ ᠶᠢᠨ 22 ᠤᠨ ᠡᠳᠦᠷ ᠡᠬᠢᠯᠡᠨ᠎ᠡ᠂ ᠲᠤᠬᠠᠢ ᠶᠢᠨ ᠦᠶ᠎ᠡ ᠳᠤ ︽ᠭᠡᠷᠡᠯᠲᠦ ᠰᠥᠨᠢ ᠶᠢᠨ ᠤᠮᠠᠷᠠᠲᠤ ᠬᠢᠯᠢ ᠣᠨ ᠰᠢᠨᠡᠴᠢᠯᠡᠭᠳᠡᠬᠦ ᠬᠥᠬᠡ ᠬᠤᠲᠠ︾ ᠰᠢᠨ᠎ᠡ ᠣᠨ ᠢᠶᠠᠨ ᠤᠭᠲᠤᠬᠤ ᠰᠢᠷᠢᠰ ᠬᠥᠳᠡᠯᠭᠡᠭᠡᠨ᠂ 2024 ᠣᠨ ᠤ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠮᠥᠰᠥ ᠴᠠᠰᠤᠨ ᠤ ᠨᠠᠶᠢᠷ᠂ 2024 ᠣᠨ ᠤ ᠬᠥᠬᠡᠬᠤᠲᠠ ᠶᠢᠨ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠪᠠᠶᠠᠷ ᠤᠨ ᠰᠦᠮ᠎ᠡ ᠶᠢᠨ ᠴᠤᠭᠯᠠᠭᠠᠨ ᠵᠡᠷᠭᠡ 3 ᠶᠡᠭᠡ ᠰᠢᠷᠢᠰ ᠠᠵᠢᠯᠯᠠᠭ᠎ᠠ ᠥᠷᠨᠢᠭᠦᠯᠬᠦ ᠪᠣᠯᠣᠨ᠎ᠠ᠃      ᠰᠢᠨ᠎ᠡ ᠣᠨ ᠢᠶᠠᠨ ᠤᠭᠲᠤᠬᠤ ᠰᠢᠷᠢᠰ ᠠᠵᠢᠯᠯᠠᠭ᠎ᠠ ᠨᠢ ᠤᠯᠠᠨ ᠬᠥᠭᠵᠢᠮ ᠤᠨ ᠠᠩᠭᠢ ᠶᠢ ᠤᠷᠢᠵᠤ ᠬᠤᠳᠠ ᠶᠢᠨ ᠠᠷᠠᠳ᠂ ᠵᠢᠭᠤᠯᠴᠢᠯᠠᠭᠴᠢᠳ ᠲᠠᠢ ᠬᠠᠮᠲᠤ ᠰᠢᠨ᠎ᠡ ᠣᠨ ᠢᠶᠠᠨ ᠤᠭᠲᠤᠬᠤ ᠠᠴᠠ ᠭᠠᠳᠠᠨ᠎ᠠ᠂ ᠪᠠᠰᠠ ᠶᠡᠭᠡ ᠵᠤᠤ ᠶᠢᠨ ᠲᠡᠦᠬᠡ ᠰᠣᠶᠣᠯ ᠤᠨ ᠵᠢᠭᠤᠯᠴᠢᠯᠠᠯ ᠤᠨ ᠣᠷᠣᠨ ᠳᠤ ︽ᠤᠮᠠᠷᠠᠲᠤ ᠶᠢᠨ ᠰᠢ ᠵᠦᠴᠦᠭᠡ ᠬᠥᠭᠵᠢᠯ ᠪᠠᠲᠠᠷᠠᠯᠲᠤ ᠰᠢᠨ᠎ᠡ ᠣᠨ᠂ 2024 ᠣᠨ ᠤ ᠬᠥᠬᠡᠬᠤᠲᠠ ᠶᠢᠨ ︿ᠤᠯᠤᠰ ᠤᠨ ᠵᠦᠴᠦᠭᠡ﹀︾ ᠠᠵᠢᠯᠯᠠᠭ᠎ᠠ ᠥᠷᠨᠢᠭᠦᠯᠵᠦ᠂ ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠳᠤ ︽ᠬᠥᠬᠡᠬᠤᠲᠠ ᠶᠢᠨ ᠰᠢᠨ᠎ᠡ ᠭᠠᠵᠠᠷ ᠤᠨ ᠲᠡᠮᠳᠡᠭ ᠢ ᠭᠡᠷᠡᠯᠳᠦᠭᠦᠯᠵᠦ᠂ ᠤᠯᠤᠰ ᠤᠨ ᠤᠯᠠᠮᠵᠢᠯᠠᠯᠲᠤ ᠰᠤᠶᠤᠯ ᠰᠢᠨ᠎ᠡ ᠤᠷᠤᠰᠬᠠᠯ ᠤᠨ ᠪᠠᠶᠠᠷᠲᠤ ᠰᠥᠨᠢ︾ ᠠᠵᠢᠯᠯᠠᠭ᠎ᠠ ᠥᠷᠨᠢᠭᠦᠯᠦᠨ᠎ᠡ᠃      2024 ᠣᠨ ᠤ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠮᠥᠰᠥ ᠴᠠᠰᠤᠨ ᠤ ᠨᠠᠶᠢᠷ ᠤᠨ ᠰᠢᠷᠢᠰ ᠠᠵᠢᠯᠯᠠᠭ᠎ᠠ ᠨᠢ ᠤᠮᠠᠷᠠᠲᠤ ᠬᠢᠯᠢ ᠶᠢᠨ ᠰᠣᠶᠣᠯ ᠪᠣᠯᠣᠨ ᠨᠤᠲᠤᠭ ᠤᠨ ᠵᠠᠩ ᠦᠢᠯᠡ ᠲᠠᠢ ᠤᠶᠠᠯᠳᠤᠭᠤᠯᠤᠨ ᠮᠥᠰᠥ ᠴᠠᠰᠤᠨ ᠤ ᠲᠣᠭᠯᠠᠯᠲᠠ᠂ ᠮᠥᠰᠥ ᠴᠠᠰᠤᠨ ᠤ ᠪᠠᠷᠢᠯᠭ᠎ᠠ᠂ ᠮᠥᠰᠥ ᠴᠠᠰᠤᠨ ᠳᠡᠭᠡᠷᠡᠬᠢ ᠬᠥᠳᠡᠯᠭᠡᠭᠡᠨ᠂ ᠮᠥᠰᠥ ᠴᠠᠰᠤᠨ ᠤ ᠪᠡᠶ᠎ᠡ ᠶᠢᠨ ᠲᠠᠮᠢᠷ᠂ ᠤᠷᠠᠨ ᠰᠠᠶᠢᠬᠠᠨ ᠤ ᠲᠣᠭᠯᠠᠯᠲᠠ᠂ ᠰᠢᠨ᠎ᠡ ᠵᠢᠯ ᠤᠨ ᠮᠠᠶᠢᠮᠠᠢ ᠵᠡᠷᠭᠡ 80 ᠵᠦᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠵᠡᠷᠭᠡ ᠬᠥᠬᠡᠬᠤᠲᠠ ᠶᠢᠨ ᠰᠣᠶᠣᠯ ᠤᠨ ᠦᠵᠡᠰᠬᠦᠯᠡᠩ ᠤᠨ ᠴᠤᠭᠯᠠᠭᠠᠨ ᠤ ᠲᠠᠯᠠᠪᠠᠶ ᠳᠤ ᠪᠠᠰᠠ ︽ᠤᠮᠠᠷᠠᠲᠤ ᠬᠢᠯᠢ  ᠶᠢᠨ ᠮᠢᠩᠭᠠᠨ ᠣᠨ ᠤ ᠲᠦᠮᠡᠨ ᠪᠣᠳᠠᠰ ︾ ᠵᠡᠷᠭᠡ 57 ᠵᠦᠢᠯ ᠤᠨ ᠰᠣᠶᠣᠯ ᠤᠨ ᠠᠵᠢᠯᠯᠠᠭ᠎ᠠ ᠥᠷᠨᠢᠭᠦᠯᠬᠦ ᠪᠣᠯᠣᠨ᠎ᠠ᠃      ᠡᠭᠦᠨ ᠠᠴᠠ ᠭᠠᠳᠠᠨ᠎ᠠ᠂ ︽ᠮᠥᠰᠥ ᠴᠠᠰᠤᠨ ᠬᠥᠬᠡ ᠬᠤᠲᠠ · ᠪᠠᠶᠠᠷ ᠴᠡᠩᠭᠡᠯᠲᠦ ᠤᠮᠠᠷᠠᠲᠤ ᠬᠢᠯᠢ︾ ᠭᠤᠣᠯ ᠰᠡᠳᠦᠪ ᠤᠨ ᠲᠣᠭᠤᠷᠢᠨ ᠳᠤ᠂ ᠬᠥᠬᠡᠬᠤᠲᠠ ᠠᠴᠠ 2 ᠭᠤᠷᠪᠠᠨ ᠡᠳᠦᠷ ᠤᠨ ᠵᠢᠭᠤᠯᠴᠢᠯᠠᠯ ᠤᠨ ᠱᠤᠭᠤᠮ᠂ 5 ᠭᠤᠣᠯ ᠰᠡᠳᠦᠪᠲᠦ ᠵᠢᠭᠤᠯᠴᠢᠯᠠᠯ ᠤᠨ ᠱᠤᠭᠤᠮ ᠭᠠᠷᠭᠠᠵᠤ᠂ ᠵᠢᠭᠤᠯᠴᠢᠯᠠᠭᠴᠢᠳ ᠲᠤ ᠮᠥᠰᠥ ᠴᠠᠰᠤ ᠪᠠ ᠪᠠᠶᠠᠷ ᠳᠤᠷᠠᠰᠬᠠᠯ ᠤᠨ ᠡᠳᠦᠷ ᠤᠨ ᠳᠠᠪᠬᠤᠷ ᠪᠠᠶᠠᠷ ᠴᠡᠩᠭᠡᠯ ᠢ ᠡᠳ᠋ᠯᠡᠭᠦᠯᠬᠦ ᠪᠠᠷ ᠪᠣᠶ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ