ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠳᠠᠲᠤ ᠴᠣᠭᠴᠠᠵᠢᠭᠰᠠᠨ ᠡᠵᠡᠩᠨᠡᠯᠲᠡ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/12/18
ᠸᠠᠩ ᠯᠢ ᠰᠢᠶᠠ  ᠪᠣᠣ ᠭᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ  ᠾᠧ ᠬᠠᠢ ᠳ᠋ᠦᠩ ᠶᠣᠰᠣᠯᠠᠯ ᠢ ᠡᠷᠬᠢᠯᠡᠪᠡ      ︵ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠠᠩ ᠺᠦᠢ  ᠰᠤᠷᠪᠤᠯᠵᠢᠯᠠᠭᠴᠢ ᠠᠷᠢᠭᠤᠨ᠎ᠠ︶ 12 ᠳ᠋ᠤᠭᠠᠷ ᠰᠠᠷ᠎ᠠ ᠶᠢᠨ 17 ᠤ ᠡᠳᠦᠷ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠳᠠᠲᠤ ᠴᠣᠭᠴᠠᠵᠢᠭᠰᠠᠨ ᠡᠵᠡᠩᠨᠡᠯᠲᠡ ᠪᠠᠨ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠤᠰ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠷᠧᠨ ᠹᠠ ᠵᠧᠩ᠂ ᠫᠠᠩ ᠭᠦᠸᠧ ᠹᠠᠩ ᠂ ᠶᠣᠣ ᠪᠢᠨ ᠪᠣᠯᠣᠨ ᠳᠤᠮᠳᠠᠳᠤ ᠤᠯᠤᠰ ᠤᠨ ᠲᠤᠰᠬᠠᠢ ᠠᠰᠢᠭ ᠤᠨ ᠬᠠᠮᠠᠭᠠᠯᠠᠯᠲᠠ ᠶᠢᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠮᠠ ᠸᠧᠢ ᠶᠧ ᠨᠠᠷ ᠢ ᠤᠯᠤᠰ ᠤᠨ ᠰᠦ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠤᠨ ᠲᠤᠰᠬᠠᠢ ᠮᠡᠷᠭᠡᠵᠢᠯᠲᠡᠨ ᠢᠶᠠᠷ ᠤᠷᠢᠪᠠ᠃ ᠬᠥᠬᠡᠬᠤᠲᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠢᠯᠢ ᠪᠦᠯᠦᠭᠯᠡᠯ ᠰᠦ ᠶᠢᠨ ᠦᠢᠯᠡᠰ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠬᠠᠮᠲᠤᠪᠠᠷ ᠡᠭᠦᠳᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠳᠤᠮᠳᠠᠳᠤ ᠤᠯᠤᠰ ︱ ᠰᠢᠨ᠎ᠡ ᠽᠢᠯᠠᠨᠳ᠋ ᠤᠨ ᠰᠦ ᠶᠢᠨ ᠦᠢᠯᠡᠰ ᠤᠨ ᠬᠥᠭᠵᠢᠯᠲᠡ ᠶᠢᠨ ᠲᠥᠪ ᠵᠡᠷᠭᠡ ᠪᠠᠷ ᠪᠠᠶᠢᠭᠤᠯᠤᠭᠳᠠᠪᠠ᠃      ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠵᠥᠪᠰᠢᠶᠡᠷᠡᠨ ᠪᠠᠶᠢᠭᠤᠯᠵᠤ᠂ ᠶᠡᠷᠦᠩᠬᠡᠢ ᠬᠡᠯᠲᠡᠰ ᠨᠢ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠪᠠᠶᠢᠷᠢᠯᠠᠵᠤ ᠪᠣᠢ᠃ ᠲᠣᠰ ᠲᠥᠪ ᠨᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠳᠡᠯᠡᠬᠡᠢ ᠳᠤ ᠨᠥᠯᠥᠭᠡᠯᠡᠬᠦ ᠬᠦᠴᠦᠨ ᠪᠦᠬᠦᠢ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠶᠢ ᠡᠭᠦᠳᠦᠭᠰᠡᠨ ᠡᠬᠢ ᠪᠠᠶᠠᠯᠢᠭ ᠢ ᠴᠤᠭᠯᠠᠷᠠᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠲᠥᠷᠥᠯ ᠵᠦᠢᠯ ᠢ ᠲᠦᠷᠦᠭᠦᠯᠡᠨ ᠬᠡᠷᠡᠭᠵᠢᠭᠦᠯᠵᠦ᠂ ᠮᠠᠨ ᠤ ᠤᠯᠤᠰ ᠤᠨ ᠰᠦ ᠶᠢᠨ ᠦᠢᠯᠡᠰ ᠤᠨ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠵᠣᠷᠢᠯᠭ᠎ᠠ ᠪᠠᠨ ᠪᠣᠯᠭᠠᠭᠰᠠᠨ ᠶᠤᠮ᠃ ᠣᠳᠣᠬᠠᠨ ᠳᠤ ᠲᠥᠪ ᠨᠢ ᠨᠢᠭᠡᠨᠲᠡ ᠠᠵᠢᠯ ᠲᠦᠷᠦᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ 102 ᠪᠦᠷᠢᠯᠳᠦᠭᠦᠨ ᠨᠢᠭᠡᠴᠢ ᠶᠢ ᠰᠢᠩᠭᠡᠬᠡᠨ ᠠᠪᠴᠤ᠂ 10 ᠠᠺᠠᠳᠧᠮᠢᠴᠢ ᠪᠣᠯᠣᠨ 100 ᠭᠠᠷᠤᠢ ᠠᠵᠢᠯ ᠲᠦᠷᠦᠯ ᠤᠨ ᠲᠤᠰᠬᠠᠢ ᠮᠡᠷᠭᠡᠵᠢᠯᠲᠡᠨ᠂ ᠮᠢᠩᠭ᠎ᠠ ᠭᠠᠷᠤᠢ ᠭᠤᠣᠯᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠴᠤᠭᠯᠠᠭᠤᠯᠵᠤ᠂ 140 ᠭᠠᠷᠤᠢ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠨᠳᠥᠷ ᠭᠠᠷᠤᠯᠲᠠ ᠲᠠᠢ ᠰᠠᠭᠠᠯᠢ ᠶᠢᠨ ᠦᠨᠢᠶ᠎ᠡ ᠶᠢᠨ ᠬᠦᠪᠦᠷᠡᠯ ᠢ ᠡᠵᠡᠮᠳᠡᠬᠦ ᠵᠠᠩᠭᠢᠯᠠᠭ᠎ᠠ ᠶᠢᠨ ᠮᠡᠷᠭᠡᠵᠢᠯ᠂ ᠰᠦ ᠶᠢᠨ ᠲᠡᠮᠦᠷ ᠤᠨ ᠤᠭᠤᠷᠠᠭ ᠢ ᠥᠨᠳᠥᠷ ᠪᠦᠲᠦᠮᠵᠢᠲᠡᠢ ᠪᠠᠷ ᠰᠠᠯᠭᠠᠨ ᠦᠢᠯᠡᠳᠬᠦ ᠮᠡᠷᠭᠡᠵᠢᠯ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠠᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ᠂ ᠪᠦᠦ ᠰᠢᠶᠠᠨ ᠬᠤᠸᠠ᠂ ᠶᠠᠩ ᠵᠢᠶᠧ᠂ ᠰᠦᠨ ᠵᠢᠶᠦ᠋ᠨ ᠴᠢᠩ ᠣᠷᠣᠯᠴᠠᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠶᠣᠰᠣᠯᠠᠯ ᠢ ᠡᠷᠭᠢᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ