ᠮᠠᠨ ᠤ ᠣᠷᠣᠨ ᠭᠠᠨᠰᠤ ᠮᠤᠵᠢ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠶᠢ ᠢᠳᠡᠪᠬᠢᠲᠡᠢ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2023/12/20
    微信图片_20231220163022.jpg 
         ︵ᠰᠤᠷᠪᠤᠯᠵᠢᠯᠠᠭᠴᠢ ᠱᠤᠸᠠᠢ ᠵᠧᠩ  ᠠᠨᠠᠷ ︶ 12 ᠰᠠᠷ᠎ᠠ ᠶᠢᠨ 18 ᠤ ᠡᠳᠦᠷ ᠤᠨ 23 ᠴᠠᠭ 59 ᠮᠢᠨᠦ᠋ᠲ ᠳᠤ ᠭᠠᠨᠰᠦ ᠮᠤᠵᠢ ᠶᠢᠨ ᠯᠢᠨᠰᠢᠶᠠ ᠵᠧᠦ ᠶᠢᠨ ᠵᠢᠢ ᠱᠢ ᠱᠠᠨ ᠰᠢᠶᠠᠨ ᠳᠤ 6.2 ᠲᠡᠰ ᠤᠨ ᠭᠠᠵᠠᠷ ᠬᠥᠳᠡᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠲᠡᠷᠡ ᠳᠠᠷᠤᠢ ᠲᠤᠨᠢ ᠬᠤᠷᠠᠯ ᠬᠢᠵᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ᠂ ᠭᠠᠨᠰᠦ ᠮᠤᠵᠢ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠲᠤᠰᠠᠯᠠᠬᠤ ᠶᠢ ᠲᠤᠰᠬᠠᠢ ᠰᠡᠳᠦᠪ ᠢᠶᠠᠷ ᠪᠠᠶᠢᠷᠢᠯᠠᠭᠤᠯᠪᠠ᠃      ᠨᠢᠭᠡ ᠨᠢ ᠲᠥᠪᠡᠭᠳᠡᠪᠡᠯ ᠨᠡᠶᠢᠲᠡ ᠪᠠᠷ ᠢᠶᠠᠨ ᠲᠤᠰᠠᠯᠠᠨ᠎ᠠ᠃ ᠮᠠᠨ ᠤ ᠣᠷᠣᠨ ᠡᠩ ᠲᠡᠷᠢᠭᠦᠨ ᠳᠤ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠲᠡᠭᠡᠭᠡᠪᠦᠷᠢᠯᠡᠬᠦ ᠲᠡᠰ ᠳᠠᠷᠠᠭᠠᠯᠠᠯ ᠢ ᠡᠬᠢᠯᠡᠭᠦᠯᠵᠦ᠂ 2 ᠲᠦᠮᠡᠨ ᠵᠠᠬ᠎ᠠ ︵ᠢᠵᠢ︶ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠲᠣᠬᠢᠷᠠᠭᠤᠯᠵᠠᠢ᠂ ᠡᠭᠦᠨ ᠲᠤ ᠬᠥᠪᠥᠩ ᠳ᠋ᠠᠴᠠᠩ 5000᠂ ᠬᠥᠪᠦᠩ ᠬᠥᠨᠵᠢᠯᠡ ᠲᠡᠪᠢᠰᠬᠡᠷ 5000 ᠢᠵᠢ᠂ ᠨᠣᠣᠰᠣᠨ ᠲᠠᠩᠰᠠ 5000᠂ ᠬᠥᠪᠦᠩ ᠮᠠᠯᠠᠭᠠᠢ 2000᠂ ᠬᠦᠪᠦᠩ ᠪᠡᠭᠡᠯᠡᠢ 2000 ᠬᠤᠤᠰ᠂ ᠴᠠᠬᠢᠯᠭᠠᠨ ᠳᠤᠯᠠᠭᠠᠯᠠᠭ᠎ᠠ ᠶᠢᠨ ᠵᠤᠤᠬ᠎ᠠ 500᠂ ᠴᠠᠬᠢᠯᠭᠠᠨ ᠳᠡᠪᠦᠷ᠎ᠡ 500 ᠪᠠᠶᠢᠵᠤ᠂ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ ᠪᠤᠢ᠃       ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠢᠨ ᠲᠢᠩᠬᠢᠮ ᠲᠡᠷᠡ ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠭᠠᠬᠤ ᠶᠠᠮᠤᠨ ᠤ ᠠᠪᠤᠷᠠᠨ ᠲᠤᠰᠠᠯᠠᠬᠤ ᠶᠢ ᠵᠣᠬᠢᠴᠠᠭᠤᠯᠬᠤ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠭᠠᠨᠰᠦ ᠮᠤᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠲᠠᠢ ᠵᠣᠯᠭᠠᠭᠤᠯᠤᠨ ᠠᠪᠤᠷᠠᠨ ᠲᠤᠰᠠᠯᠠᠬᠤ ᠠᠩᠭᠢ ᠶᠢᠨ ᠪᠠᠶᠢᠳᠠᠯ ᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ ᠬᠦᠴᠦᠨ ᠢ ᠨᠡᠮᠡᠭᠳᠡᠭᠦᠯᠬᠦ ᠶᠢ ᠭᠤᠶᠤᠴᠢᠯᠠᠬᠤ ᠶᠢᠨ ᠬᠠᠮᠲᠤ ᠠᠯᠠᠱᠠ ᠠᠶᠢᠮᠠᠭ᠂ ᠦᠬᠠᠶ ᠬᠤᠲᠠ ᠬᠤᠶᠠᠷ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠶᠤᠯᠬᠦᠢ ᠦᠢᠯᠡᠳᠪᠦᠷᠢᠯᠡᠯ ᠤᠨ ᠲᠤᠰᠬᠠᠢ ᠠᠪᠤᠷᠠᠨ ᠠᠩᠭᠢ ᠶᠢᠨ ᠨᠡᠶᠢᠲᠡ 200 ᠬᠥᠮᠥᠨ ᠵᠢᠴᠢ ᠢᠵᠢ ᠪᠥᠷᠢᠳᠦᠭᠦᠯᠦᠭᠰᠡᠨ ᠲᠣᠨᠣᠭᠯᠠᠯ ᠳᠠᠷᠤᠶᠢᠬᠠᠨ ᠪᠠᠴᠢᠮ ᠠᠪᠤᠷᠠᠯᠳᠠ ᠳᠤ ᠤᠷᠤᠯᠴᠠᠬᠤ ᠪᠡᠯᠡᠳᠭᠡᠯ ᠬᠢᠵᠤ᠂ ᠭᠠᠮᠰᠢᠭᠳᠠᠭᠰᠠᠨ ᠣᠷᠣᠨ ᠳᠤ ᠴᠠᠭ ᠲᠤᠬᠠᠶ ᠳᠤᠨᠢ ᠬᠦᠷᠴᠦ ᠠᠶᠤᠯ ᠭᠠᠮᠰᠢᠭ ᠠᠴᠠ ᠠᠪᠤᠷᠠᠨ ᠲᠤᠰᠠᠯᠠᠬᠤ ᠪᠠᠷ ᠪᠡᠯᠡᠳᠬᠡᠵᠦ ᠪᠠᠶᠢᠨ᠎ᠠ᠃       ᠡᠳ᠋ ᠪᠠᠷᠠᠭ᠎ᠠ ᠶᠢ ᠤᠷᠤᠭᠰᠢᠲᠠᠢ ᠰᠢᠯᠵᠢᠭᠦᠯᠦᠨ ᠲᠡᠭᠡᠭᠡᠪᠦᠷᠢᠯᠡᠬᠦ ᠶᠢ ᠪᠠᠲᠤᠯᠠᠬᠤ ᠶᠢᠨ ᠬᠠᠮᠲᠤ᠂ ᠮᠠᠨ ᠤ ᠣᠷᠣᠨ ᠠᠯᠠᠱᠠ ᠠᠶᠢᠮᠠᠭ᠂ ᠦᠬᠠᠶ ᠬᠤᠲᠠ ᠶᠢᠨ ᠭᠠᠵᠠᠷ ᠬᠥᠳᠡᠯᠦᠯᠲᠡ ᠶᠢᠨ ᠭᠠᠮᠰᠢᠭ ᠤᠨ ᠪᠠᠶᠢᠳᠠᠯ ᠢ ᠪᠠᠴᠢᠮ ᠲᠣᠬᠢᠷᠠᠭᠤᠯᠵᠤ᠂ ᠠᠶᠤᠯ ᠲᠦᠭᠰᠢᠭᠦᠷᠢ ᠶᠢᠨ ᠬᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠣᠳᠠᠲᠠᠢ ᠠᠳᠬᠤᠨ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ ᠠᠵᠢᠭᠯᠠᠬᠤ ᠪᠠ ᠭᠠᠮᠰᠢᠭ ᠤᠨ ᠪᠠᠶᠢᠳᠠᠯ ᠢ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠲᠤᠰᠠᠯᠠᠮᠵᠢ ᠶᠢᠨ ᠡᠳ᠋ ᠪᠠᠷᠠᠭ᠎ᠠ ᠶᠢ ᠥᠳᠳᠡᠷ ᠲᠦᠷᠭᠡᠨ ᠬᠦᠷᠬᠡᠬᠦ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠲᠡᠷᠡ ᠳᠣᠣᠷ᠎ᠠ ᠨᠢ  ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠡᠬᠢᠯᠡᠭᠦᠯᠵᠦ᠂ ᠭᠠᠨᠰᠦ ᠮᠤᠵᠢ ᠯᠢᠨᠰᠢᠶᠠ ᠵᠧᠦ ᠶᠢᠨ ᠵᠢᠢ ᠱᠢ ᠱᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠲᠠᠢ ᠵᠣᠯᠭᠠᠭᠤᠯᠤᠭᠰᠠᠨ ᠪᠠᠶᠢᠳᠠᠯ ᠳᠣᠣᠷ᠎ᠠ᠂ ︽ᠰᠠᠭᠠᠳ ᠦᠭᠡᠢ ᠨᠡᠪᠲᠡᠷᠡᠬᠦ ᠵᠠᠮ︾ ᠢ ᠨᠡᠪᠲᠡᠷᠡᠭᠦᠯᠵᠦ᠂ ᠲᠤᠰᠠᠯᠠᠮᠵᠢ ᠶᠢᠨ ᠡᠳ᠋ ᠪᠣᠳᠠᠰ ᠨᠢᠭᠡᠨᠲᠡ 12 ᠰᠠᠷ᠎ᠠ ᠶᠢᠨ 19 ᠤ ᠣᠷᠣᠶ ᠮᠤᠷᠳᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠦᠨᠳᠦᠰᠦᠲᠡᠨ ᠨᠦᠭᠦᠳ ᠤᠨ 2400 ᠲᠦᠮᠡᠨ ᠣᠯᠠᠨ ᠲᠦᠮᠡᠨ ᠤ ᠭᠦᠨ ᠵᠤᠵᠠᠭᠠᠨ ᠨᠥᠬᠦᠷᠯᠡᠯ ᠢ ᠭᠠᠮᠰᠢᠭᠳᠠᠭᠰᠠᠨ ᠣᠷᠣᠨ ᠤ ᠠᠷᠠᠳ ᠲᠦᠡᠮᠨ ᠤ ᠳᠡᠷᠭᠡᠳᠡ ᠬᠦᠷᠭᠡᠬᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ