ᠢᠦᠶ ᠴᠢᠤᠸᠠᠨ ᠲᠣᠭᠤᠷᠢᠭ ᠤᠨ ᠬᠢᠨ ᠪᠥᠬᠦ ᠲᠤᠭᠤᠷᠢᠭ ᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠢᠶᠠᠩ ᠪᠠᠯᠭᠠᠰᠤ ᠵᠡᠭᠡᠯᠢ ᠭᠤᠳᠤᠮᠵᠢ ᠶᠢ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2023/12/26
      ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠡᠷᠡᠭᠵᠢᠭᠦᠯᠦᠨ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠰᠢᠶᠠᠩ ᠪᠠᠯᠭᠠᠰᠤ ᠵᠡᠭᠡᠯᠢ ᠭᠤᠳᠤᠮᠵᠢ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠵᠦ᠂ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ︽ᠭᠠᠯ ᠰᠡᠷᠭᠡᠶᠢᠯᠡᠬᠦ ᠬᠡᠷᠡᠮ︾ ᠢ ᠪᠠᠲᠤ ᠴᠤᠭᠴᠠᠯᠠᠪᠠ᠃      ᠪᠣᠯᠪᠠᠰᠤᠷᠠᠭᠤᠯᠤᠯ ᠳᠤ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠠᠷᠳᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠡᠷᠡᠭ ᠢᠶᠠᠷ ᠬᠠᠷᠢᠭᠤᠴᠠᠯᠭ᠎ᠠ ᠶᠢ ᠲᠠᠶᠢᠯᠪᠤᠷᠢᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠲᠦᠷᠢᠮ︾ ᠲᠠᠢ ᠤᠶᠠᠯᠳᠤᠭᠤᠯᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠶᠢᠨ ᠡᠳᠦᠷ ᠲᠤᠲᠤᠮ ᠤᠨ ᠭᠠᠯ ᠤᠨᠲᠠᠷᠠᠭᠠᠬᠤ ᠬᠠᠮᠢᠶᠠᠷᠤᠯᠲᠠ ᠪᠠ ᠭᠠᠯ ᠤᠨᠲᠠᠷᠠᠭᠠᠬᠤ ᠠᠮᠤᠷ ᠲᠦᠪᠰᠢᠨ ᠤ ︽ᠳᠥᠷᠪᠡᠨ ᠴᠢᠳᠠᠪᠤᠷᠢ︾ ᠶᠢᠨ ᠪᠠᠶᠢᠭᠤᠯᠤᠯᠲᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃ ᠳᠠᠷᠠᠭ᠎ᠠ ᠳᠤᠨᠢ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠲᠠᠢ ᠤᠶᠠᠯᠳᠤᠭᠤᠯᠤᠨ᠂ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠬᠤ ᠭᠤᠤᠯᠳᠠᠯᠭ᠎ᠠ᠂ ᠠᠩᠬᠠᠨ ᠤ ᠦᠶ᠎ᠡ ᠶᠢᠨ ᠭᠠᠯ ᠤᠨᠲᠠᠷᠠᠭᠠᠬᠤ ᠠᠷᠭ᠎ᠠ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠬᠡᠷᠡᠭᠯᠡᠬᠦ ᠠᠷᠭ᠎ᠠ᠂ ᠬᠥᠮᠦᠰ ᠤᠨ ᠭᠠᠯ ᠤᠨᠲᠠᠷᠠᠭᠠᠬᠤ ᠮᠡᠳᠡᠯᠭᠡ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠵᠢᠯ ᠤᠨ ᠡᠴᠦᠰ ᠵᠢᠯ ᠤᠨ ᠡᠬᠢᠨ ᠳᠤ᠂ ᠡᠯ᠎ᠡ ᠲᠥᠷᠥᠯ ᠤᠨ ᠣᠯᠠᠨ ᠲᠦᠮᠡᠨ ᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠵᠤ᠂ ᠭᠠᠯ ᠤᠨ ᠭᠠᠮᠰᠢᠭ ᠤᠨ ᠲᠦᠭᠰᠢᠭᠦᠷᠢ ᠬᠡᠴᠡᠭᠦᠳᠡᠵᠦ ᠪᠠᠶᠢᠭ᠎ᠠ ᠪᠣᠯᠬᠤᠷ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠠᠩᠬᠠᠷᠴᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠂ ᠭᠠᠯ ᠤᠨ ᠭᠠᠮᠰᠢᠭ ᠤᠨ ᠬᠡᠮ ᠰᠣᠭᠤᠭ ᠢ ᠦᠨᠡᠨᠬᠦ ᠠᠷᠢᠯᠭᠠᠵᠤ᠂ ᠬᠥᠮᠦᠨ ᠪᠣᠯᠭᠠᠨ ᠭᠠᠯ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠪᠣᠯᠪᠠᠰᠤᠷᠠᠭᠤᠯᠤᠯ ᠤᠨ ᠡᠴᠦᠰ ᠲᠤ᠂ ᠡᠯ᠎ᠡ ᠨᠢᠭᠡᠴᠢ ᠨᠦᠭᠦᠳ ᠭᠠᠯ ᠤᠨᠲᠠᠷᠠᠭᠠᠬᠤ ᠠᠮᠤᠷ ᠲᠦᠪᠰᠢᠨ ᠤ ᠡᠨᠡᠬᠦ ᠬᠥᠪᠴᠢ ᠪᠠᠨ ᠢᠮᠠᠭᠲᠠ ᠴᠢᠩᠭᠠᠯᠠᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠄ ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠤᠨ ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠡᠯ᠎ᠡ ᠵᠦᠢᠯ ᠤᠨ ᠭᠠᠯ ᠤᠨᠲᠠᠷᠠᠭᠠᠬᠤ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠬᠠᠮᠢᠶᠠᠷᠤᠯᠲᠠ ᠶᠢᠨ ᠦᠵᠡᠯ ᠤᠬᠠᠮᠰᠠᠷ ᠢ ᠪᠣᠶ ᠪᠣᠯᠭᠠᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠭᠠᠯ ᠤᠨ ᠠᠶᠤᠯ ᠤᠨ ᠲᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠭᠤᠷᠪᠠ ᠳᠤ᠂ ᠡᠯ᠎ᠡ ᠨᠢᠭᠡᠴᠢ ᠶᠢᠨ ᠭᠠᠯ ᠰᠡᠷᠭᠡᠶᠢᠯᠡᠬᠦ ᠬᠠᠷᠢᠭᠤᠴᠠᠯᠭᠠᠲᠠᠨ᠂ ᠬᠠᠮᠢᠶᠠᠷᠤᠭᠴᠢ ᠠᠴᠠ ᠡᠷᠬᠡᠪᠰᠢ ᠲᠤᠰ ᠲᠤᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠭᠠᠯ ᠤᠨ ᠠᠶᠤᠯ ᠭᠠᠷᠬᠤ ᠨᠤᠷᠮ᠎ᠠ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠬᠤᠷᠢᠭᠯᠠᠵᠤ᠂ ᠡᠬᠢᠨ ᠤ ᠱᠠᠲᠤᠨ ᠳᠤᠨᠢ ᠠᠷᠢᠯᠭᠠᠵᠤ᠂ ᠬᠠᠷᠢᠶ᠎ᠠ ᠣᠷᠣᠨ ᠤ ᠳᠣᠲᠣᠷᠠᠬᠢ ᠭᠠᠯ ᠰᠡᠷᠭᠡᠶᠢᠯᠡᠬᠦ ᠠᠮᠤᠷ ᠲᠦᠪᠰᠢᠨ ᠤ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ ᠲᠤᠰ ᠲᠤᠰ ᠤᠨ ᠭᠦᠢᠴᠡᠳᠬᠡᠪᠡᠰᠦ ᠵᠣᠬᠢᠬᠤ ᠡᠭᠦᠷᠭᠡ ᠪᠠᠨ ᠭᠦᠢᠴᠡᠳᠬᠡᠬᠦ ᠬᠡᠷᠡᠭᠲᠡᠶ ᠭᠡᠵᠡᠢ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ