ᠬᠠᠲᠤᠨ ᠭᠤᠣᠯ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠱᠢ ᠰᠧ ᠹᠧᠨ ᠲᠣᠰᠬᠤᠨ ᠢᠶᠠᠷ ᠬᠥᠬᠡᠬᠤᠲᠠ ᠶᠢᠨ ᠬᠢᠯᠢ ᠳᠤ ᠤᠷᠤᠰᠤᠨ | ᠣᠷᠣᠵᠤ᠂ ᠲᠣᠭᠲᠠᠬᠤ ᠰᠢᠶᠠᠨ ᠪᠣᠯᠣᠨ ᠴᠢᠩ ᠱᠦᠢ ᠾᠧ ᠰᠢᠶᠠᠨ ᠢᠶᠠᠷ ᠤᠷᠤᠰᠤᠨ ᠥᠩᠭᠡᠷᠡᠨ᠎ᠡ᠃ ᠬᠥᠬᠡᠬᠤᠲᠠ ᠶᠢᠨ ᠬᠤᠶᠢᠲᠤ ᠬᠡᠰᠡᠭ ᠤᠨ ᠦᠴᠦᠸᠠᠨ | ᠰᠢᠶᠠᠨ ᠤ 0.16 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠢ ᠳᠣᠲᠣᠭᠠᠳᠤ ᠬᠠᠭᠤᠷᠠᠢ ᠶᠢᠨ ᠭᠤᠣᠯ ᠤᠨ ᠰᠠᠪᠠ ᠭᠠᠵᠠᠷ ᠲᠤ ᠪᠠᠭᠲᠠᠬᠤ ᠶᠢ ᠭᠠᠷᠭᠠᠪᠠᠯ᠂ | ᠪᠤᠰᠤᠳ ᠨᠢ ᠴᠥᠮ ᠬᠠᠲᠤᠨ ᠭᠤᠣᠯ ᠤᠨ ᠰᠠᠪᠠ ᠭᠠᠵᠠᠷ ᠤᠨ ᠬᠡᠪᠴᠢᠶᠡᠨ ᠳᠤ ᠪᠠᠶᠢᠵᠤ᠂ ᠲᠠᠯᠠᠪᠠᠶ ᠨᠢ 1.56 ᠲᠦᠮᠡᠨ ᠲᠡᠭᠰᠢ ᠳᠥᠷᠪᠡᠯᠵᠢᠨ ᠺᠢᠯᠣᠮᠧᠲᠷ | ᠬᠦᠷᠴᠦ᠂ ᠪᠥᠬᠦ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠶ ᠶᠢᠨ 90.4% ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ | ᠰᠠᠪᠠ ᠭᠠᠵᠠᠷ ᠤᠨ ᠲᠠᠯᠠᠪᠠᠶ ᠶᠢᠨ 10.26% ᠶᠢ ᠡᠵᠡᠯᠡᠨ᠎ᠡ᠃ |