ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠶᠡᠷᠦᠩᠬᠡᠢ ᠪᠡᠯᠡ ᠣᠷᠣᠭᠤᠯᠤᠯᠲᠠ ᠶᠢᠨ 69% ᠶᠢ ᠪᠡᠶᠡᠯᠡᠭᠦᠯᠵᠦ᠂ 2025 ᠣᠨ ᠤ ᠰᠡᠭᠦᠯᠴᠢ ᠪᠠᠷ ᠠᠶᠠᠯᠠᠯ ᠢᠶᠠᠨ ᠡᠬᠢᠯᠡᠭᠦᠯᠵᠦ ᠡᠵᠡᠩᠨᠡᠬᠦ ᠪᠣᠯᠣᠨ᠎ᠠ
ᠨᠡᠶᠢᠲᠡᠯᠡᠭᠰᠡᠨ ᠴᠠᠭ᠄
2023/12/26
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠤᠳᠤ ᠪᠣᠯᠲᠠᠯ᠎ᠠ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠦᠷᠦᠯ ᠵᠦᠢᠯ ᠳᠤ 2023 ᠣᠨ ᠳᠤ 65 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠳᠣ ᠪᠣᠯᠲᠠᠯ᠎ᠠ ᠨᠡᠶᠢᠳᠡ 160 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠶᠢᠨ 69% ᠢ ᠪᠡᠶᠡᠯᠡᠭᠦᠯᠵᠡᠢ᠃ ᠶᠡᠷᠦᠩᠬᠡᠢ ᠲᠥᠯᠥᠪᠯᠡᠭᠡ ᠶᠣᠰᠣᠭᠠᠷ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ 2024 ᠣᠨ ᠤ ᠰᠡᠭᠦᠯᠴᠢ ᠪᠠᠷ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠵᠦ᠂ 2025 ᠣᠨ ᠳᠤ ᠲᠤᠷᠰᠢᠨ ᠨᠢᠰᠬᠦ᠂ ᠨᠢᠰᠦᠯᠲᠡ ᠶᠢᠨ ᠵᠠᠯᠠᠷᠠᠭᠤᠯᠤᠯ᠂ ᠬᠠᠮᠲᠤᠷᠠᠨ ᠲᠤᠷᠰᠢᠨ ᠠᠵᠢᠯᠯᠠᠭᠤᠯᠬᠤ ᠵᠡᠷᠭᠡ ᠲᠤᠷᠰᠢᠯᠲᠠ ᠶᠢᠨ ᠱᠠᠲᠤᠨ ᠳᠤ ᠣᠷᠣᠵᠤ᠂2025 ᠣᠨ ᠤ ᠰᠡᠭᠦᠯᠴᠢ ᠪᠠᠷ ᠠᠶᠠᠯᠠᠯ ᠢᠶᠠᠨ ᠡᠬᠢᠯᠡᠭᠦᠯᠵᠦ ᠡᠵᠡᠩᠨᠡᠬᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠭᠠᠵᠠᠷ ᠤᠨ ᠳᠠᠷᠤᠭ᠎ᠠ ᠱᠢ ᠸᠧᠨ ᠰᠢᠶᠠᠩ ᠤᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠭᠤᠣᠯ ᠴᠣᠭᠴᠠ ᠪᠠ ᠭᠡᠷ ᠤᠨ ᠣᠷᠣᠢ᠂ ᠭᠠᠳᠠᠷ ᠥᠩᠭᠡᠨ ᠬᠡᠷᠡᠮ ᠢ ᠨᠢᠭᠡᠨᠲᠡ ᠪᠠᠷᠢᠵᠤ ᠳᠠᠭᠤᠰᠬᠠᠵᠤ᠂ ᠳᠠᠭᠠᠯᠲᠠ ᠪᠦᠲᠦᠴᠡ ᠶᠢᠨ ᠪᠠᠷᠢᠯᠭ᠎ᠠ᠂ ᠵᠠᠰᠠᠯ ᠴᠢᠮᠡᠭᠯᠡᠯ ᠤᠨ ᠪᠠᠷᠢᠯᠭ᠎ᠠ ᠵᠢᠴᠢ ᠤᠰᠤ ᠴᠠᠬᠢᠯᠭᠠᠨ ᠳᠤᠯᠠᠭᠠᠯᠠᠭ᠎ᠠ ᠵᠡᠷᠭᠡ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠶᠢ ᠶᠠᠭ ᠤᠭᠰᠠᠷᠠᠵᠤ ᠪᠠᠶᠢᠨ᠎ᠠ᠃ ᠨᠢᠰᠦᠯᠲᠡ ᠶᠢᠨ ᠲᠣᠭᠤᠷᠢᠭ ᠤᠨ ᠡᠮᠦᠨ᠎ᠡ ᠤᠮᠠᠷ᠎ᠠ ᠶᠢᠨ ᠭᠤᠣᠯ ᠭᠦᠶᠦᠯᠲᠡ ᠶᠢᠨ ᠵᠠᠮ ᠤᠨ ᠭᠠᠳᠠᠷᠭᠤ ᠶᠢᠨ ᠪᠠᠷᠢᠯᠭ᠎ᠠ ᠶᠢ ᠨᠢᠭᠡᠨᠲᠡ ᠨᠠᠪᠲᠠᠷᠡᠭᠦᠯᠵᠦ᠂ ᠠᠶᠠᠯᠠᠯ ᠳᠤ ᠲᠤᠰᠠᠯᠠᠬᠤ ᠳ᠋ᠧᠩ ᠤᠨ ᠭᠡᠷᠡᠯ ᠵᠡᠷᠭᠡ ᠲᠥᠬᠦᠭᠡᠷᠦᠮᠵᠢ ᠶᠢ ᠲᠠᠯᠠᠪᠤᠷ ᠤᠨ ᠵᠠᠮ ᠤᠨ ᠠᠬᠢᠴᠠ ᠶᠢ ᠲᠠᠭᠠᠨ ᠵᠡᠷᠭᠡᠪᠡᠷ ᠬᠢᠵᠦ ᠪᠠᠶᠢᠨ᠎ᠠ᠃ ᠠᠵᠢᠯᠯᠠᠬᠤ ᠲᠣᠭᠤᠷᠢᠭ ᠤᠨ ᠭᠤᠣᠯ ᠲᠠᠩ ᠪᠡᠶᠡᠲᠦ ᠪᠠᠷᠢᠯᠭ᠎ᠠ ᠶᠢ ᠨᠢᠭᠡᠨᠲᠡ ᠪᠦᠬᠦᠨ ᠢ ᠪᠢᠲᠡᠭᠦᠯᠡᠵᠦ᠂ ᠣᠲᠣ ᠶᠠᠭ ᠳᠣᠲᠣᠷᠠᠬᠢ ᠶᠢ ᠵᠠᠰᠠᠵᠤ ᠴᠢᠮᠡᠭᠯᠡᠬᠦ ᠪᠠ ᠲᠣᠨᠤᠭ ᠲᠥᠬᠦᠭᠡᠷᠦᠮᠵᠢ ᠤᠭᠰᠠᠷᠠᠵᠤ ᠪᠠᠶᠢᠨ᠎ᠠ᠃ ᠨᠢᠰᠬᠡᠯ ᠤᠨ ᠪᠠᠭᠤᠳᠠᠯ ᠤᠨ ᠳᠣᠲᠣᠷᠠᠬᠢ ᠵᠠᠮ ᠢ ᠶᠠᠭ ᠵᠡᠷᠭᠡᠪᠡᠷ ᠵᠠᠰᠠᠵᠤ ᠪᠠᠶᠢᠨ᠎ᠠ᠃ ᠪᠤᠰᠤᠳ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠴᠦ ᠴᠥᠮ ᠪᠠᠷᠢᠯᠭ᠎ᠠ ᠶᠢᠨ ᠶᠡᠷᠦᠩᠬᠡᠢ ᠲᠥᠯᠥᠪᠯᠡᠭᠡ ᠶᠣᠰᠣᠭᠠᠷ ᠤᠷᠤᠭᠰᠢᠲᠠᠢ ᠪᠠᠷ ᠲᠦᠯᠬᠢᠨ ᠠᠬᠢᠭᠤᠯᠵᠤ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ