ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠬᠢᠭᠡᠳ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠦᠢᠯᠡᠳᠦᠯᠭᠡ ᠶᠢᠨ ᠰᠠᠭᠤᠷᠢᠨ ᠭᠠᠵᠠᠷ︾ ᠢ ᠬᠠᠮᠲᠤ ᠪᠠᠷ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2023/12/27
      ︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠯᠢᠦ ᠬᠤᠩ ᠰᠢᠶᠠ︶ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠶᠡᠭᠡ ᠳᠡᠭᠡᠳᠦ ᠰᠤᠷᠭᠠᠭᠤᠯᠢ ᠶᠢᠨ ᠬᠠᠷᠢᠯᠴᠠᠬᠤ ᠠᠷᠭ᠎ᠠ ᠵᠠᠮ ᠢ ᠥᠷᠭᠡᠳᠬᠡᠨ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠨᠡᠶᠢᠭᠡᠮ ᠤᠨ ᠦᠢᠯᠡᠳᠦᠯᠭᠡ ᠶᠢᠨ ᠲᠠᠪᠴᠠᠩ ᠬᠠᠩᠭᠠᠵᠤ᠂ ᠰᠤᠷᠭᠠᠭᠤᠯᠢ ᠪᠣᠯᠣᠨ ᠣᠷᠣᠨ ᠨᠤᠲᠤᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠣᠯᠣᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠰᠤᠷᠭᠠᠭᠤᠯᠢ ᠪᠣᠯᠣᠨ ᠣᠷᠣᠨ ᠨᠤᠲᠤᠭ ᠤᠨ ᠬᠠᠮᠲᠤᠷᠠᠯᠴᠠᠭᠠᠨ ᠤ ᠦᠢᠯᠡᠳᠦᠯᠭᠡ ᠶᠢᠨ ᠰᠠᠭᠤᠷᠢᠨ ᠭᠠᠵᠠᠷ︾ ᠤᠨ ᠭᠡᠷ᠎ᠡ ᠲᠣᠭᠲᠠᠵᠤ ᠫᠠᠶᠢᠰᠠ ᠡᠯᠭᠦᠬᠦ ᠶᠣᠰᠣᠯᠠᠯ ᠬᠢᠵᠡᠢ᠃      ᠶᠣᠰᠣᠯᠠᠯ ᠤᠨ ᠠᠬᠤᠢ ᠲᠠᠯᠠᠪᠠᠢ ᠳᠤ᠂ ᠬᠤᠶᠠᠷ ᠲᠠᠯ᠎ᠠ ᠪᠠᠷ ᠢᠶᠠᠨ ︽ᠰᠤᠷᠭᠠᠭᠤᠯᠢ ᠣᠷᠣᠨ ᠨᠤᠲᠤᠭ ᠬᠠᠮᠲᠤᠷᠠᠨ ᠳᠠᠳᠤᠯᠭ᠎ᠠ ᠶᠢᠨ ᠰᠠᠭᠤᠷᠢᠨ ᠢ ᠪᠠᠶᠢᠭᠤᠯᠬᠤ ᠪᠦᠳᠦᠭᠦᠪᠴᠢ ᠵᠥᠪᠯᠡᠯᠴᠡᠭᠡᠷ︾ ᠲᠣᠬᠢᠷᠠᠵᠤ᠂ ︽ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ︾ ᠵᠠᠷᠴᠢᠮ ᠶᠣᠰᠣᠭᠠᠷ᠂ ᠰᠤᠷᠭᠠᠭᠤᠯᠢ ᠣᠷᠣᠨ ᠨᠤᠲᠤᠭ ᠬᠤᠶᠠᠷ ᠲᠠᠯ᠎ᠠ ᠶᠢᠨ ᠰᠢᠯᠢᠳᠡᠭ ᠡᠬᠢ ᠪᠠᠶᠠᠯᠢᠭ ᠢ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠢ ᠭᠦᠢᠴᠡᠳ ᠠᠰᠢᠭᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ᠂ ᠦᠢᠯᠡᠰ ᠪᠣᠰᠬᠠᠬᠤ ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠤ ᠠᠵᠢᠯ ᠣᠯᠭᠤᠯᠲᠠ ᠦᠢᠯᠡᠰ ᠪᠣᠰᠬᠠᠬᠤ ᠦᠢᠯᠡᠴᠢᠯᠡᠭᠡ ᠵᠡᠷᠭᠡ ᠲᠠᠯ᠎ᠠ ᠪᠠᠷ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠢ ᠠᠬᠢᠭᠤᠯᠪᠠ᠃      ᠣᠶᠢᠷ᠎ᠠ ᠶᠢᠨ ᠵᠢᠯ ᠤᠨ ᠲᠤᠷᠰᠢ᠂ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠡᠭᠡᠳᠦ ᠰᠤᠷᠭᠠᠭᠤᠯᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠳᠠᠪᠤᠷᠢᠲᠠᠨ ᠢ ᠢᠳᠡᠪᠬᠢᠲᠡᠢ ᠪᠠᠷ ᠰᠢᠯᠢᠨ ᠰᠣᠩᠭᠤᠵᠤ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠬᠤ ᠪᠠᠷ ᠳᠡᠮᠵᠢᠨ᠂ ᠳᠡᠭᠡᠳᠦ ᠰᠤᠷᠭᠠᠭᠤᠯᠢ ᠶᠢᠨ ᠬᠦᠴᠦᠨ ᠢ ᠠᠰᠢᠭᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ᠂ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠠᠪᠢᠶᠠᠰ ᠴᠢᠳᠠᠪᠤᠷᠢ ᠪᠠᠨ ᠭᠠᠶᠢᠬᠠᠭᠤᠯᠬᠤ᠂ ᠥᠪᠡᠷ ᠢ ᠪᠠᠨ ᠳᠠᠪᠲᠠᠨ ᠪᠣᠯᠪᠠᠰᠤᠷᠠᠭᠤᠯᠬᠤ ᠲᠠᠪᠴᠠᠩ ᠬᠠᠩᠭᠠᠭᠰᠠᠨ ᠪᠠᠶᠢᠨ᠎ᠠ᠃      ᠡᠨᠡ ᠤᠳᠠᠭ᠎ᠠ ᠦᠢᠯᠡᠳᠦᠯᠭᠡ ᠶᠢᠨ ᠰᠠᠭᠤᠷᠢᠨ ᠢ ᠬᠠᠮᠲᠤᠷᠠᠨ ᠪᠠᠶᠢᠭᠤᠯᠤᠭᠰᠠᠨ ᠨᠢ ᠬᠤᠶᠠᠷ ᠲᠠᠯ᠎ᠠ ᠶᠢᠨ ᠤᠯᠠᠨ ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠬᠦ ᠳᠤ ᠰᠠᠭᠤᠷᠢ ᠲᠠᠯᠪᠢᠵᠤ᠂ ᠡᠨᠡ ᠨᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠨᠤᠯ ᠪᠣᠯᠣᠨ ᠨᠡᠶᠢᠭᠡᠮ ᠤᠨ ᠦᠢᠯᠡᠳᠦᠯᠭᠡ ᠶᠢᠨ ᠬᠠᠷᠢᠯᠴᠠᠨ ᠦᠢᠯᠡᠳᠦᠯᠴᠡᠵᠦ ᠬᠠᠷᠢᠯᠴᠠᠨ ᠨᠥᠬᠦᠪᠦᠷᠢᠯᠡᠵᠦ ᠬᠠᠷᠢᠯᠴᠠᠨ ᠠᠭᠤᠰᠤᠯᠴᠠᠬᠤ ᠶᠢ ᠠᠬᠢᠭᠤᠯᠬᠤ᠂ ᠥᠷᠭᠡᠨ ᠤᠯᠠᠨ ᠰᠤᠷᠤᠭᠴᠢᠳ ᠤᠨ ᠬᠡᠷᠡᠭᠯᠡᠯᠲᠡ ᠶᠢᠨ ᠬᠡᠯᠪᠡᠷᠢ ᠶᠢᠨ ᠴᠢᠳᠠᠪᠤᠷᠢ ᠶᠢ ᠥᠷᠭᠡᠳᠬᠡᠬᠦ᠂ ᠥᠨᠳᠥᠷ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ