ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ 2023 ᠤᠨ ᠤ ᠤᠬᠠᠭᠤᠯᠭ᠎ᠠ ᠶᠢᠨ ᠠᠵᠢᠯᠯᠠᠭ᠎ᠠ ᠣᠶᠢᠷ᠎ᠠ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2023/12/28

 微信图片_20231228112627.jpg

 微信图片_20231228112640.jpg

     微信图片_20231228112820.jpg 

      

          ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠰᠦᠯᠵᠢᠶ᠎ᠡ ᠶᠢ ᠨᠡᠩ ᠣᠯᠠᠨ ᠬᠦᠮᠦᠨ ᠳᠤ ᠲᠠᠨᠢᠭᠤᠯᠵᠤ᠂

ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ ᠬᠦᠷᠢᠶ᠎ᠡ ᠬᠡᠪᠴᠢᠶ᠎ᠡ ᠶᠢ

ᠦᠷᠭᠡᠳᠭᠡᠬᠦ ᠶᠢᠨ ᠲᠥᠯᠦᠭᠡ᠂ ᠣᠶᠢᠷ᠎ᠠ ᠶᠢᠨ ᠡᠳᠦᠷ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠤᠨ

ᠠᠵᠢᠯᠳᠠᠳ ᠬᠠᠮᠢᠶ᠎ᠠ ᠪᠦᠬᠦᠢ ᠪᠠᠶᠢᠭᠤᠯᠭ᠎ᠠ ᠶᠢᠨ ᠠᠰᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ᠂ ᠤᠯᠠᠨ ᠨᠡᠶᠢᠲᠡ ᠶᠢᠨ ᠬᠦᠳᠡᠯᠭᠡᠭᠡᠨ ᠤ ᠭᠠᠵᠠᠷ᠂

ᠨᠡᠶᠢᠭᠡᠮ ᠲᠤᠭᠤᠷᠢᠭ ᠵᠡᠷᠭᠡ ᠭᠠᠵᠠᠷ ᠲᠤ ᠬᠥᠷᠴᠦ ᠮᠣᠩᠭᠤᠯ ᠰᠦᠯᠵᠢᠶ᠎ᠡ ᠪᠠᠨ ᠤᠬᠠᠭᠤᠯᠵᠤ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃

      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠨᠢ ᠬᠤᠲᠠ ᠪᠠ 9 ᠬᠤᠰᠢᠭᠤ ᠰᠢᠶᠠᠨ ᠲᠣᠭᠤᠷᠢᠭ ᠤᠨ

ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢ ᠪᠠᠭᠳᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ

ᠴᠤᠭᠯᠠᠷᠠᠯ ᠳᠤ ᠨᠢᠭᠡᠳᠦᠯᠲᠡᠢ ᠬᠠᠷᠢᠶᠠᠯᠠᠭᠳᠠᠨ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ ᠠᠴᠠ

ᠬᠠᠷᠢᠭᠤᠴᠠᠨ ᠡᠷᠬᠢᠯᠡᠵᠦ ᠠᠵᠢᠯᠯᠠᠭᠤᠯᠵᠤ ᠪᠠᠶᠢᠨ᠎ᠠ᠃

      ᠰᠢᠨ᠎ᠡ ᠵᠠᠭᠤᠴᠢᠯᠠᠭᠤᠷ ᠤᠨ ᠬᠦᠭᠵᠢᠯ ᠤᠨ ᠠᠯᠬᠤᠭ᠎ᠠ ᠶᠢ ᠳᠠᠭᠠᠵᠤ᠂ ᠠᠷᠠᠳ ᠣᠯᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠬᠡᠷᠡᠭᠴᠡᠭᠡ

ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠶᠢ ᠲᠤᠯᠠᠳᠠ᠂ 2019 ᠣᠨ ᠠᠴᠠ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠤ ᠮᠣᠩᠭᠤᠯ

ᠸᠢᠴᠠᠲ ᠲᠠᠪᠴᠠᠩ ᠢ ᠠᠵᠢᠯᠯᠠᠭᠤᠯᠵᠤ ᠡᠬᠢᠯᠡᠪᠡ᠃ ᠣᠳᠣ ᠪᠣᠯᠬᠤ ᠳᠤ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠴᠤ ᠵᠠᠯᠭᠠᠪᠠᠷ ᠸᠢᠴᠠᠲ ᠲᠠᠪᠴᠠᠩ ᠢᠶᠠᠨ

ᠨᠡᠭᠡᠭᠡᠵᠦ᠂ ᠨᠠᠮ ᠤᠨ ᠳᠠᠭᠤᠨ᠂ ᠲᠥᠷᠥ ᠶᠢᠨ ᠪᠣᠳᠤᠯᠭ᠎ᠠ᠂ ᠠᠯᠪᠠᠨ ᠤ ᠮᠡᠳᠡᠭᠡ᠂ ᠠᠩᠬᠠᠷᠣᠯ ᠠᠰᠠᠭᠤᠳᠠᠯ ᠤᠨ ᠮᠣᠩᠭᠤᠯ ᠮᠡᠳᠡᠭᠡ ᠮᠡᠳᠡᠭᠡᠯᠡᠯ ᠢ ᠨᠡᠩ

ᠲᠥᠷᠭᠡᠨ ᠢᠶᠠᠷ ᠠᠷᠠᠳ ᠣᠯᠠᠨ ᠤ ᠬᠠᠷᠠᠭᠠᠨ ᠳᠤ ᠬᠦᠷᠭᠡᠵᠦ ᠪᠣᠢ᠃

      ᠳᠠᠷᠠᠭᠠᠴᠢ ᠶᠢᠨ ᠠᠯᠬᠤᠮ ᠳᠤ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠶᠢᠨ ᠬᠢᠨ ᠵᠠᠰᠠᠭ ᠤᠨ ᠶᠠᠪᠤᠳᠠᠯ ᠢ ᠢᠯᠡ

ᠪᠣᠯᠭᠠᠬᠤ ᠱᠠᠭᠠᠷᠳᠠᠯᠭ᠎ᠠ ᠶᠣᠰᠤᠭᠠᠷ ᠴᠢᠷᠮᠠᠶᠢᠨ ᠠᠵᠢᠯᠯᠠᠵᠤ᠂ ᠰᠦᠯᠵᠢᠶᠡᠨ ᠲᠠᠪᠴᠠᠩ ᠢᠶᠠᠨ ᠰᠢᠯᠢᠳᠡᠭᠵᠢᠬᠦᠯᠵᠦ᠂ ᠠᠭᠤᠯᠭ᠎ᠠ ᠪᠠᠨ ᠪᠠᠶᠠᠯᠢᠭᠵᠢᠭᠤᠯᠤᠨ᠂

ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠤᠷᠠᠭ ᠵᠠᠩᠭᠢ ᠳᠠᠮᠵᠢᠭᠤᠯᠬᠤ ᠰᠢᠯᠢᠳᠡᠭ ᠲᠠᠪᠴᠠᠩ ᠪᠣᠯᠬᠤ ᠪᠠᠷ ᠦᠷᠭᠦᠯᠵᠢᠯᠡᠨ ᠴᠢᠷᠮᠠᠶᠢᠨ᠎ᠠ᠃

   

ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ