ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/4
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 12 ᠳ᠋ᠤᠭᠠᠷ ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠣᠷᠣᠨ ᠤ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵2024 ᠣᠨ ︱ 2026 ᠣᠨ︶︾ ︽ᠬᠥᠬᠡᠬᠤᠲᠠ ᠶᠢᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠰᠥᠯ︾ ︽ᠬᠥᠬᠡᠬᠤᠲᠠ ᠶᠢᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ 10 ᠵᠦᠢᠯ ᠤᠨ ᠠᠷᠭ᠎ᠠ ᠬᠡᠮᠵᠢᠶ᠎ᠡ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠬᠤᠲᠠ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠲᠤᠬᠠᠢ ᠬᠤᠯᠪᠣᠭᠳᠠᠯ ᠪᠦᠬᠦᠢ ᠬᠡᠷᠡᠭ ᠤᠴᠢᠷ ᠢ ᠰᠤᠳᠤᠯᠪᠠ᠃      ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠨᠢ ᠪᠣᠳᠠᠲᠤ ᠴᠣᠭᠴᠠ ᠳᠤ ᠪᠤᠢ᠂ ᠠᠵᠤ ᠦᠢᠯᠡᠰ ᠲᠤ ᠪᠤᠢ᠃ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠬᠤ ᠳᠤ ᠡᠷᠬᠡᠪᠰᠢ ᠠᠵᠤ ᠦᠢᠯᠡᠰ ᠤᠨ ᠰᠠᠭᠤᠷᠢ ᠶᠢ ᠪᠠᠲᠤᠳᠬᠠᠬᠤ ᠬᠡᠷᠡᠭᠲᠡᠢ᠂ ᠡᠨᠡ ᠨᠢ ᠪᠦᠬᠦ ᠲᠠᠯ᠎ᠠ ᠶᠢ ᠬᠤᠯᠪᠣᠵᠤ᠂ ᠠᠯᠤᠰ ᠬᠡᠳᠦ ᠳᠤ ᠬᠤᠯᠪᠣᠭᠳᠠᠬᠤ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢᠨ ︽ᠳᠠᠷᠢᠵᠤ ᠲᠡᠵᠢᠭᠡᠵᠦ ᠡᠳ᠋ᠰᠢᠭᠦᠯᠬᠦ︾ ᠪᠠ ᠪᠣᠷᠤᠯᠠᠭᠤᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠨᠢᠭᠡ ᠴᠠᠭᠠᠷᠢᠭ ᠨᠢᠭᠡ ᠲᠣᠭᠤᠷᠢᠭ ᠬᠤᠶᠠᠷ ᠵᠢᠭᠦᠷ ᠳᠥᠷᠪᠡᠨ ᠬᠠᠪᠲᠠᠭᠠᠢ︾ ᠶᠢᠨ ᠶᠡᠷᠦᠩᠬᠡᠢ ᠪᠠᠶᠢᠷᠢᠰᠢᠭᠤᠯᠤᠯᠲᠠ ᠶᠢᠨ ᠶᠣᠰᠣᠭᠠᠷ᠂ ︽ᠨᠢᠭᠡ ᠰᠢᠶᠠᠨ ᠨᠢᠭᠡ ᠪᠦᠲᠦᠭᠡᠭᠳᠡᠬᠦᠨ ᠨᠢᠭᠡ ᠣᠨᠴᠠᠯᠢᠭ︾ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠭᠦᠢᠴᠡᠳ ᠨᠥᠬᠦᠪᠦᠷᠢᠯᠡᠵᠦ᠂ ᠨᠡᠭᠡᠭᠡᠯᠲᠡ ᠶᠢᠨ ᠲᠣᠭᠤᠷᠢᠭ ᠤᠨ ᠳᠠᠭᠠᠭᠠᠬᠤ ᠴᠢᠳᠠᠪᠤᠷᠢ᠂ ᠦᠢᠯᠡᠴᠢᠯᠡᠭᠡᠨ ᠤ ᠲᠦᠪᠰᠢᠨ ᠪᠣᠯᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠥᠷᠢᠰᠦᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠦᠢᠯᠡᠰ ᠤᠨ ᠪᠥᠭᠡᠮᠨᠡᠷᠡᠯ ᠪᠠ ᠠᠵᠤ ᠦᠢᠯᠡᠰ ᠬᠤᠳᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠷᠣᠨ ᠤ ᠲᠥᠪ ᠤᠨ ᠠᠵᠤ ᠠᠬᠤᠢ ᠶᠢᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠦᠨᠳᠦᠰᠦᠨ ᠢᠨᠵᠧᠨᠧᠷᠢᠩ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠲᠡᠩᠴᠡᠭᠦᠷᠢ ᠲᠠᠢ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ