ᠪᠣᠣ ᠭᠠᠩ ᠰᠢᠨ᠎ᠡ ᠬᠤᠳᠠ ᠲᠣᠭᠤᠷᠢᠭ ᠲᠤ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ  ᠨᠢ ᠪᠣᠳᠠᠲᠠᠢ ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠭᠤᠰᠢᠯᠠᠭᠤᠯᠵᠤ ᠬᠥᠭᠵᠢᠯᠲᠡ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ ᠦᠷ᠎ᠡ ᠪᠦᠲᠦᠮᠵᠢ ᠪᠠᠷ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/12/5
       ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠰᠢᠨ᠎ᠡ ᠬᠤᠳᠠ ᠶᠢᠨ ᠲᠣᠭᠤᠷᠢᠭ ᠲᠤ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠪᠣᠣ ᠭᠠᠩ ᠡᠩ ᠲᠡᠷᠢᠭᠦᠨ ᠳᠤ ᠶᠢᠩ ᠰᠢᠨ ᠵᠠᠮ ᠤᠨ ᠵᠡᠭᠡᠯᠢ ᠭᠤᠳᠤᠮᠵᠢ ᠶᠢᠨ ᠵᠡᠭᠦᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠩ ᠤᠯᠠᠨ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠪᠠᠭᠤᠯᠭᠠᠵᠤ᠂ ᠤᠯᠠᠨ ᠲᠦᠮᠡᠨ ᠤ ︽ᠭᠡᠷ ᠤᠨ ᠡᠭᠦᠳᠡᠨ︾ ᠳᠡᠭᠡᠨ ᠡᠪᠡᠳᠴᠢᠨ ᠦᠵᠡᠭᠦᠯᠬᠦ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠥᠬᠡᠬᠤᠲᠠ ᠶᠢᠨ ᠡᠭᠦᠯᠡᠨ ᠪᠣᠳᠣᠯᠲᠠ ᠶᠢᠨ ᠲᠥᠪ ᠲᠤ᠂ ᠣᠶᠣᠨᠲᠤ ᠪᠣᠳᠣᠯᠭ᠎ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠬᠡᠬᠤᠲᠠ ᠳᠠᠬᠢ ᠣᠶᠣᠨᠲᠣ ᠪᠣᠳᠣᠯᠭ᠎ᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠥᠷᠭᠡᠳᠬᠡᠬᠦ ᠶᠢ ᠢᠳᠡᠪᠬᠢᠲᠡᠢ ᠰᠦᠪᠡᠭᠴᠢᠯᠡᠵᠦ᠂ ᠬᠢᠮᠡᠯ ᠤᠶᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠪᠠ᠃      ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠲᠠᠷᠠᠭ᠎ᠠ᠂ ᠪᠣᠣ ᠭᠠᠩ ᠰᠢᠨ᠎ᠡ ᠬᠤᠳᠠ ᠶᠢᠨ ᠲᠣᠭᠤᠷᠢᠭ ᠤᠨ ᠭᠤᠣᠯ ᠰᠡᠳᠦᠪᠲᠦ ᠰᠤᠷᠭᠠᠨ ᠬᠥᠮᠦᠵᠢᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠰᠤᠷᠭᠠᠨ ᠬᠥᠮᠦᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠪᠣᠳᠠᠲᠠᠢ︾ ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠰᠠᠶᠢᠲᠤᠷ ᠠᠳᠬᠤᠬᠤ ᠲᠠᠯ᠎ᠠ ᠪᠠᠷ ︽ᠪᠣᠳᠠᠲᠠᠢ︾ ᠶᠢ ᠲᠤᠪᠤᠶᠢᠯᠭᠠᠵᠦ᠂ ᠪᠠᠶᠢᠴᠠᠭᠠᠨ ᠰᠤᠳᠤᠯᠤᠯᠲᠠ ᠬᠢᠬᠦ ᠪᠠ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ︽ᠪᠣᠳᠠᠲᠠᠢ︾ ᠶᠢ ᠢᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ︽ᠪᠣᠳᠠᠲᠠᠢ︾ ᠶᠢ ᠦᠢᠯᠡᠳᠦᠯᠭᠡᠵᠢᠭᠦᠯᠵᠦ᠂ ᠬᠥᠭᠵᠢᠯᠲᠡ ᠶᠢ ᠠᠬᠢᠭᠤᠯᠵᠤ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ ᠭᠡᠵᠡᠢ᠃       ᠪᠣᠣ ᠭᠠᠩ ᠴᠢᠬᠤᠯᠠᠴᠢᠯᠠᠭᠰᠠᠨ ᠨᠢ᠂ ᠰᠢᠨ᠎ᠡ ᠬᠤᠲᠠ ᠲᠣᠭᠤᠷᠢᠭ ᠤᠨ ᠬᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠲᠤᠰ ᠭᠠᠵᠠᠷ ᠣᠷᠣᠨ ᠤ ᠳᠠᠪᠠᠭᠤᠯᠢᠭ ᠪᠠ ᠪᠠᠭᠤᠷᠠᠢ ᠲᠠᠯ᠎ᠠ ᠪᠠᠨ ᠲᠣᠳᠣᠷᠬᠠᠢ ᠣᠶᠢᠯᠠᠭᠠᠵᠤ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠳᠠᠯ ᠢᠶᠠᠨ ᠨᠥᠬᠦᠪᠦᠷᠢᠯᠡᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠵᠦ᠂ ︽ᠴᠢᠨᠠᠷ ᠰᠠᠶᠢᠲᠠᠢ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠵᠤ᠂ ᠳᠡᠭᠡᠳᠦ ᠲᠡᠰ ᠤᠨ ᠦᠢᠯᠡᠴᠢᠯᠡᠭᠡᠨ ᠤ ᠦᠢᠯᠡᠰ ᠢ ᠬᠥᠮᠥᠵᠢᠭᠦᠯᠦᠨ ᠪᠣᠶᠢᠵᠢᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢ ᠬᠥᠭᠵᠢᠭᠦᠯᠵᠦ᠂ ᠪᠣᠬᠢᠷᠲᠤᠯ ᠦᠭᠡᠢ ᠭᠡᠷ ᠣᠷᠣᠨ ᠢ ᠪᠦᠲᠦᠭᠡᠨ ᠪᠠᠶᠢᠭᠤᠯᠬᠤ︾ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠪᠦᠬᠦ ᠬᠦᠴᠦᠨ ᠢᠶᠠᠷ ᠢᠶᠠᠨ ᠠᠵᠤ ᠦᠢᠯᠡᠰ ᠤᠨ ᠳᠤᠲᠠᠭᠤᠳᠠᠯ ᠢ ᠨᠥᠬᠦᠪᠦᠷᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠢ ᠲᠣᠮᠣᠷᠠᠭᠤᠯᠵᠤ᠂ ᠬᠤᠲᠠ ᠶᠢᠨ ᠲᠣᠭᠤᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠶᠡᠬᠡᠪᠡᠷ ᠠᠳᠬᠤᠬᠤ ᠲᠣᠭᠲᠠᠯ ᠬᠦᠴᠦᠨ ᠢ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠭᠦᠨᠵᠡᠭᠡᠢ ᠰᠦᠪᠡᠭᠴᠢᠯᠡᠨ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠ ᠶᠢᠨ ᠰᠢᠨ᠎ᠡ ᠶᠢ ᠡᠭᠦᠳᠦᠨ ᠬᠥᠭᠵᠢᠬᠦ ᠡᠨᠡᠬᠦ ᠲᠣᠮᠣ ᠶᠠᠪᠤᠳᠠᠯ ᠢ ᠰᠠᠶᠢᠲᠤᠷ ᠬᠢᠵᠦ᠂ ᠲᠣᠭᠠᠴᠢᠯᠠᠭᠰᠠᠨ ᠠᠵᠤ ᠠᠬᠤᠢ᠂ ᠶᠡᠷᠦᠩᠬᠡᠢ ᠬᠡᠯᠲᠡᠰ ᠤᠨ ᠠᠵᠤ ᠠᠬᠤᠢ ᠪᠣᠯᠣᠨ ᠠᠰᠠᠷ ᠲᠠᠭᠲᠤ ᠶᠢᠨ ᠠᠵᠤ ᠠᠬᠤᠢ ᠶᠢ ᠬᠦᠴᠦᠷᠬᠡᠭᠵᠢᠭᠦᠯᠬᠦ ᠬᠡᠷᠡᠭᠲᠡᠢ᠃ ᠵᠡᠭᠦᠨ ᠠᠶᠠᠨᠴᠢᠳ ᠤᠨ ᠦᠷᠳᠡᠭᠡ ᠶᠢᠨ ᠴᠢᠨᠠᠷ ᠰᠠᠶᠢᠲᠠᠢ ᠬᠤᠳᠠᠯᠳᠤᠭᠠᠨ ᠤ ᠲᠣᠭᠤᠷᠢᠭ ᠢ ᠰᠠᠶᠢᠲᠤᠷ ᠪᠠᠶᠢᠭᠤᠯᠵᠤ᠂ ᠲᠣᠯᠣᠭᠠᠢ ᠶᠢᠨ ᠬᠡᠰᠡᠭ ᠤᠨ ᠬᠤᠳᠠᠯᠳᠤᠭᠠᠨ ᠤ ᠬᠡᠳᠦ ᠳᠡᠯᠭᠡᠭᠦᠷ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠵᠤ ᠰᠢᠨ᠎ᠡ ᠠᠬᠤᠢ ᠪᠠᠶᠢᠳᠠᠯ ᠢ ᠪᠠᠶᠠᠯᠢᠭᠵᠢᠭᠤᠯᠤᠨ ᠰᠢᠨ᠎ᠡ ᠬᠡᠷᠡᠭᠯᠡᠭᠡ ᠶᠢ ᠠᠬᠢᠭᠤᠯᠬᠤ ᠬᠡᠷᠡᠭᠲᠡᠢ᠃ ᠳᠠᠯᠠᠨ ᠬᠠᠷ᠎ᠠ ᠠᠭᠤᠯᠠ᠂ ᠳ᠋ᠠ ᠶᠣᠣ ᠶᠢᠨ ᠪᠠᠭᠤᠷᠢ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠵᠢᠴᠢ ᠡᠯ᠎ᠡ ᠲᠦᠷᠦᠯ ᠤᠨ ᠰᠣᠶᠣᠯ ᠲᠠᠮᠢᠷ ᠤᠨ ᠲᠠᠯᠠᠪᠤᠷ ᠣᠷᠳᠣᠨ ᠢ ᠰᠠᠶᠢᠲᠤᠷ ᠠᠰᠢᠭᠯᠠᠵᠤ᠂ ᠵᠢᠭᠤᠯᠴᠢᠯᠠᠯ ᠤᠨ ᠰᠣᠳᠣᠨ ᠵᠠᠮ ᠱᠤᠭᠤᠮ ᠪᠣᠯᠣᠨ ᠣᠨᠴᠠᠯᠢᠭᠲᠤ ᠲᠣᠰᠬᠤᠨ ᠪᠠᠯᠭᠠᠰᠤ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠡᠯ᠎ᠡ ᠲᠦᠷᠦᠯ ᠤᠨ ᠰᠡᠯᠡᠭᠦᠴᠡᠯ ᠵᠤᠭᠠᠴᠠᠯ ᠢ ᠬᠥᠭᠵᠢᠭᠦᠯᠵᠦ᠂ ᠣᠨᠴᠠᠯᠢᠭᠲᠤ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠲᠥᠰᠥᠪᠯᠡᠵᠦ᠂ ᠰᠣᠶᠣᠯ ᠵᠢᠭᠤᠯᠴᠢᠯᠠᠯ᠂ ᠰᠣᠶᠣᠯ ᠲᠠᠮᠢᠷ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠥᠨᠳᠥᠷ ᠶᠠᠰᠤ ᠴᠢᠨᠠᠷ ᠲᠤ ᠰᠠᠭᠤᠷᠢᠯᠠᠵᠤ᠂ ᠬᠤᠳᠠ ᠶᠢᠨ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠲᠦᠷᠭᠡᠨ ᠠᠬᠢᠭᠤᠯᠵᠤ᠂ ᠣᠨᠴᠠᠯᠢᠭᠲᠤ ᠰᠣᠳᠣᠨ ᠵᠡᠭᠡᠯᠢ ᠭᠤᠳᠤᠮᠵᠢ ᠶᠢ ᠪᠠᠶᠢᠭᠤᠯᠵᠤ᠂ ᠬᠤᠳᠠ ᠶᠢᠨ ᠲᠣᠭᠤᠷᠢᠭ ᠤᠨ ᠴᠢᠨᠠᠷ ᠳᠡᠰ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠥᠨᠳᠥᠷ ᠲᠦᠪᠰᠢᠨ ᠲᠠᠢ ᠠᠬᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢ ᠥᠷᠭᠡᠳᠬᠡᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢ ᠪᠠᠳᠠᠷᠠᠭᠤᠯᠤᠨ᠂ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠨ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠸᠠᠩ ᠬᠠᠢ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ