ᠦᠨᠳᠦᠰᠦᠨ ᠬᠠᠤᠯᠢ ᠶᠢᠨ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠯ᠎ᠠ
ᠨᠡᠶᠢᠲᠡᠯᠡᠭᠰᠡᠨ ᠴᠠᠭ᠄
2023/12/5
20231205.jpg
      12 ᠳ᠋ᠤᠭᠠᠷ ᠰᠠᠷ᠎ᠠ ᠶᠢᠨ 4 ᠤ ᠡᠳᠦᠷ ᠪᠣᠯ ᠠᠷᠪᠠᠳᠠᠭᠢ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠣᠨ᠎ᠠ᠂ ᠢᠦᠢ ᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠣᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠵᠡᠢ᠃ ᠦᠨᠳᠦᠰᠦᠨ ᠬᠠᠤᠯᠢ ᠶᠢᠨ ᠮᠡᠳᠡᠯᠭᠡ ᠶᠢᠨ ᠪᠠᠭ᠎ᠠ ᠬᠢᠴᠢᠶᠡᠯ ᠤᠨ ᠲᠠᠩᠬᠢᠮ ᠢ ᠡᠷᠬᠢᠯᠡᠬᠦ᠂ ᠬᠠᠭᠤᠯᠠᠮᠠᠯ ᠰᠣᠨᠢᠨ ᠵᠢᠷᠤᠬᠤ᠂ ᠠᠰᠠᠭᠤᠯᠲᠠ ᠬᠠᠷᠢᠭᠤᠯᠤᠨ ᠦᠢᠯᠡᠳᠦᠯᠴᠡᠬᠦ᠂ ᠤᠯᠤᠰ ᠤᠨ ᠰᠦᠯᠳᠡ ᠪᠣᠯᠣᠨ ᠤᠯᠤᠰ ᠤᠨ ᠳᠠᠭᠤᠤ ᠶᠢᠨ ᠢᠷᠡᠯᠲᠡ ᠶᠢ ᠣᠶᠢᠯᠠᠭᠠᠬᠤ ᠵᠡᠷᠭᠡ ᠡᠯᠪᠡᠭ ᠪᠠᠶᠠᠯᠢᠭ ᠬᠡᠯᠪᠡᠷᠢ ᠪᠠᠷ ᠳᠠᠮᠵᠢᠭᠤᠯᠤᠨ᠂ ᠬᠡᠦᠬᠡᠳ ᠤᠳ ᠲᠤ ᠦᠨᠳᠦᠰᠦᠨ ᠬᠠᠤᠯᠢ ᠶᠢᠨ ᠮᠡᠳᠡᠯᠭᠡ ᠶᠢ ᠰᠤᠷᠤᠯᠴᠠᠭᠤᠯᠵᠤ᠂ ᠬᠠᠤᠯᠢᠵᠢᠯ ᠤᠨ ᠦᠵᠡᠯᠲᠡ ᠶᠢ ᠨᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠪᠠ᠃ ᠵᠢᠷᠤᠭ ᠪᠣᠯ ᠢᠦᠢ ᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠭᠰᠢ ᠠᠴᠠ ᠰᠤᠷᠤᠭᠴᠢᠳ ᠲᠤ ᠦᠨᠳᠦᠰᠦᠨ ᠬᠠᠤᠯᠢ ᠶᠢᠨ ᠰᠠᠭᠤᠷᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ ᠪᠠᠶᠢᠭ᠎ᠠ ᠨᠢ᠃ ᠴᠢᠮᠡᠭᠡᠯᠡᠭᠴᠢ ᠳ᠋ᠢᠩ ᠭᠧᠨ ᠾᠧᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ