ᠮᠠᠨ ᠤ ᠬᠤᠲᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠦᠨᠡᠬᠢ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/12/6
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠬᠥᠬᠡᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠥᠯ ᠢ ᠬᠢᠨᠠᠨ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠦᠨᠡᠬᠢ ᠬᠤᠭᠤᠴᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃      ᠣᠶᠢᠯᠠᠭᠠᠭᠰᠠᠨ ᠢᠶᠠᠷ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠥᠯ ᠪᠣᠯ ᠠᠭᠤᠷᠬᠠᠢ ᠮᠠᠯᠲᠠᠬᠤ ᠡᠷᠬᠡ ᠶᠢ ᠳᠠᠩᠰᠠᠯᠠᠬᠤ ᠬᠠᠤᠯᠢ ᠪᠠᠷ ᠲᠣᠭᠲᠠᠭᠠᠭᠰᠠᠨ ᠴᠢᠬᠤᠯᠠ ᠨᠥᠬᠦᠴᠡᠯ ᠮᠥᠨ᠂ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠲᠣᠭᠲᠠᠭᠠᠯ ᠳᠤ ᠨᠡᠶᠢᠴᠡᠬᠦ ᠮᠥᠷᠲᠡᠭᠡᠨ ᠪᠠᠰᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠶᠤᠯᠭᠦᠢ᠂ ᠡᠷᠴᠢᠮᠯᠢᠭ᠂ ᠠᠷᠪᠢᠲᠠᠢ᠂ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠠᠰᠢᠭᠲᠠᠢ ᠶᠤᠮ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠲᠥᠰᠥᠯ ᠢ ᠨᠠᠶᠢᠷᠠᠭᠤᠯᠤᠨ ᠵᠣᠬᠢᠶᠠᠬᠤ᠂ ᠬᠢᠨᠠᠨ ᠪᠠᠶᠢᠴᠠᠭᠠᠬᠤ᠂ ᠬᠡᠷᠡᠭᠵᠢᠭᠦᠯᠵᠦ ᠬᠠᠮᠢᠶᠠᠷᠬᠤ ᠪᠠ ᠬᠢᠨᠠᠯᠲᠠ ᠵᠢᠯᠣᠭᠤᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠲᠥᠰᠥᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠨ ᠤ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃      ᠲᠤᠰ ᠤᠳᠠᠭᠠᠨ ᠤ ᠨᠡᠶᠢᠲᠡᠯᠡᠭᠰᠡᠨ ︽ᠵᠦᠭᠯᠡᠭᠦᠷ︾ ᠲᠤ ᠲᠥᠰᠥᠯ ᠢ ᠬᠢᠨᠠᠨ ᠪᠠᠶᠢᠴᠠᠭᠠᠬᠤ ᠡᠷᠬᠡ ᠮᠡᠳᠡᠯ ᠤᠨ ᠬᠡᠪᠴᠢᠶ᠎ᠡ ᠶᠢ ᠲᠣᠳᠣᠷᠬᠠᠶᠢᠯᠠᠵᠤ᠂ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠲᠡᠭᠦᠯᠳᠡᠷᠵᠢᠭᠦᠯᠵᠦ᠂ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠱᠠᠲᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠱᠠᠲᠤ ᠵᠢᠴᠢ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠵᠤ ᠶᠠᠪᠤᠭᠤᠯᠬᠤ ᠱᠠᠲᠤ ᠦᠶ᠎ᠡ ᠶᠢᠨ ᠡᠯ᠎ᠡ ᠵᠦᠢᠯ ᠤᠨ ᠤᠴᠢᠷ ᠶᠠᠪᠤᠳᠠᠯ ᠢ ᠨᠠᠷᠢᠯᠢᠭᠵᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠥᠯ ᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠪᠦᠲᠦᠮᠵᠢᠲᠡᠶ ᠪᠠᠶᠢᠬᠤ ᠵᠠᠷᠴᠢᠮ ᠢ ᠵᠢᠷᠤᠮᠯᠠᠨ᠂ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠮᠠᠨ ᠤ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠪᠠ ᠨᠡᠭᠡᠭᠡᠨ ᠠᠰᠢᠭᠯᠠᠬᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠪᠥᠬᠦ ᠬᠤᠲᠠ ᠶᠢᠨ ᠠᠭᠤᠷᠬᠠᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ