ᠮᠠᠨ ᠤ ᠬᠤᠲᠠ ᠨᠠᠮ ᠤᠨ ᠭᠠᠳᠠᠨᠠᠬᠢ ᠬᠥᠮᠥᠰ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/12/6
ᠪᠣᠣ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ      ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠮᠠᠨ ᠤ ᠬᠤᠳᠠ ᠶᠢᠨ ᠨᠠᠮ ᠤᠨ ᠭᠠᠳᠠᠨᠠᠬᠢ ᠬᠥᠮᠥᠰ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠨᠠᠮ ᠤᠨ ᠭᠠᠳᠠᠨᠠᠬᠢ ᠬᠥᠮᠥᠰ ᠤᠨ ᠰᠠᠨᠠᠯ ᠰᠠᠨᠠᠭᠤᠯᠭ᠎ᠠ ᠶᠢ ᠰᠣᠨᠣᠰᠪᠠ᠃      ᠬᠤᠷᠠᠯ ᠠᠴᠠ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠨᠠᠮ ᠤᠨ ᠭᠠᠳᠠᠨᠠᠬᠢ ᠬᠥᠮᠥᠰ ᠤᠨ ᠲᠥᠯᠥᠭᠡᠯᠡᠭᠴᠢᠳ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠪᠣᠣ ᠭᠠᠩ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠠᠷᠢᠨ ᠬᠢᠨᠠᠮᠠᠭᠠᠢ ᠰᠤᠳᠤᠯᠵᠤ᠂ ᠢᠳᠡᠪᠬᠢᠲᠡᠢ ᠬᠦᠯᠢᠶᠡᠨ ᠠᠪᠴᠤ ᠂ ᠡᠭᠦᠨ ᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠪᠣᠣ ᠭᠠᠩ ᠬᠡᠯᠡᠭᠰᠡᠨ ᠨᠢ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠤᠳᠠ ᠶᠢᠨ ᠨᠠᠮ ᠤᠨ ᠬᠤᠷᠢᠶ᠎ᠠ ᠠᠴᠠ ᠲᠣᠳᠣᠷᠬᠠᠢ ᠬᠥᠭᠵᠢᠯᠲᠡ ᠶᠢᠨ ᠰᠡᠳᠬᠢᠴᠡ ᠪᠣᠯᠣᠨ ᠡᠭᠦᠷᠭᠡ ᠬᠠᠷᠠᠯᠲᠠ ᠳᠤᠷᠠᠳᠴᠠᠢ᠂ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠪᠦᠬᠦ ᠨᠡᠶᠢᠭᠡᠮ ᠤᠨ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠬᠤ ᠴᠢᠬᠤᠯᠠᠲᠠᠢ᠃ ᠥᠷᠭᠡᠨ ᠣᠯᠠᠨ ᠨᠠᠮ ᠤᠨ ᠭᠠᠳᠠᠨᠠᠬᠢ ᠬᠥᠮᠥᠰ ᠤᠨ ᠴᠢᠳᠠᠪᠤᠷᠢᠲᠠᠨ ᠴᠤᠭᠯᠠᠷᠠᠭᠰᠠᠨ᠂ ᠣᠶᠤᠨ ᠤᠬᠠᠭᠠᠨ ᠨᠢᠭᠲᠠᠷᠠᠭᠰᠠᠨ᠂ ᠥᠷᠭᠡᠨ ᠳᠡᠯᠭᠡᠷ ᠬᠠᠷᠢᠯᠴᠠᠭ᠎ᠠ ᠬᠤᠯᠪᠣᠭ᠎ᠠ ᠲᠠᠢ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠭᠤᠣᠯ ᠠᠵᠢᠯ ᠶᠡᠭᠡ ᠲᠠᠯ᠎ᠠ ᠶᠢᠨ ᠲᠣᠭᠤᠷᠢᠨ ᠳᠤ ᠢᠳᠡᠪᠬᠢᠲᠡᠢ ᠪᠠᠷ ᠵᠠᠰᠠᠭ ᠲᠤ ᠲᠤᠰᠠᠯᠠᠨ ᠰᠠᠨᠠᠯ ᠵᠥᠪᠯᠡᠯᠭᠡ ᠳᠤᠷᠠᠳᠴᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠬᠦ᠂ ᠬᠤᠳᠠ ᠶᠢᠨ ᠳᠦᠷᠢ ᠲᠥᠷᠬᠦ ᠶᠢ ᠤᠬᠠᠭᠤᠯᠬᠤ ᠲᠠᠯ᠎ᠠ ᠪᠠᠷ ᠨᠡᠩ ᠶᠡᠭᠡ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠠᠮᠤᠭ ᠤᠨ ᠲᠣᠮᠣ ᠢᠵᠢᠯ ᠲᠥᠪᠲᠦ ᠲᠣᠭᠤᠷᠢᠭ ᠢ ᠵᠢᠷᠤᠬᠤ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠠᠵᠢᠯ ᠢ ᠳᠡᠮᠵᠢᠵᠦ᠂ ᠤᠯᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠸᠠᠩ ᠬᠠᠢ ᠢᠦᠢ᠂ ᠭᠧ ᡁᠢ ᠮᠢᠨ᠂ ᠯᠢᠦ ᠵᠢᠢ ᠶᠢᠩ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠳᠠ ᠶᠢᠨ ᠨᠠᠮ ᠤᠨ ᠬᠤᠷᠢᠶ᠎ᠠ ᠶᠢᠨ ᠡᠷᠬᠢᠯᠡᠭᠴᠢ ᠭᠡᠰᠢᠭᠦᠨ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠬᠥᠮᠥᠰ ᠤᠨ ᠲᠥᠯᠥᠭᠡᠯᠡᠭᠴᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ