ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ︽ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ︾ ᠢ ᠬᠠᠮᠲᠤᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/12/7
ᠪᠣᠣ ᠭᠠᠩ  ᠶᠠᠩ ᠵᠢᠶᠧ ᠬᠤᠷᠠᠯ ᠳᠤ ᠣᠷᠣᠯᠴᠠᠵᠤ ᠾᠧ ᠬᠠᠢ ᠳ᠋ᠦᠩ  ᠸᠠᠩ ᠮᠢᠨ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠦᠰᠦᠭ ᠵᠢᠷᠤᠵᠠᠢ      ︵ᠰᠤᠷᠪᠤᠯᠵᠢᠯᠠᠭᠴᠢ ᠠᠷᠢᠭᠤᠨ᠎ᠠ︶ 12 ᠳ᠋ᠤᠭᠠᠷ ᠰᠠᠷ᠎ᠠ ᠶᠢᠨ 6 ᠤ ᠡᠳᠦᠷ᠂ ᠮᠠᠨ ᠤ ᠬᠤᠳᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ︽ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ︾ ᠢ ᠬᠠᠮᠲᠤᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠣᠰᠣᠯᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠪᠣᠯᠣᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠸᠠᠩ ᠮᠢᠨ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃      ᠲᠤᠰ ᠤᠳᠠᠭ᠎ᠠ ᠶᠢᠨ ᠬᠠᠮᠲᠤᠪᠠᠷ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠨᠠᠶᠢᠳᠠᠪᠤᠷᠢᠵᠢᠭᠤᠯᠤᠭᠰᠠᠨ ᠰᠢᠨ᠎ᠡ ᠶᠢ ᠡᠭᠦᠳᠦᠭᠰᠡᠨ ᠦᠢᠯᠡᠳᠦᠯᠭᠡ ᠪᠣᠯᠣᠨ᠎ᠠ᠃ ᠬᠡᠯᠡᠯᠴᠡᠭᠡᠷ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠲᠥᠷᠥᠯ ᠵᠦᠢᠯ ᠤᠨ ᠲᠠᠯ᠎ᠠ ᠪᠠᠷ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠳᠤ ᠬᠦᠴᠦᠲᠡᠢ ᠳᠡᠮᠵᠢᠯᠭᠡ ᠦᠵᠡᠭᠦᠯᠵᠦ᠂ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠣᠰᠣ ᠮᠣᠷᠠᠯ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠬᠠᠮᠲᠤ ᠪᠠᠷ ᠨᠠᠶᠢᠳᠠᠪᠤᠷᠢᠵᠢᠭᠤᠯᠵᠤ᠂ ᠦᠨᠳᠦᠰᠦᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠬᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠲᠣᠭᠠᠴᠢᠯᠠᠯᠲᠠ ᠶᠢ ᠠᠬᠢᠭᠤᠯᠬᠤ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ᠂ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠬᠥᠬᠡᠬᠤᠲᠠ ᠶᠢᠨ ᠬᠤᠪᠢᠶᠠᠷᠢ ᠬᠦᠷᠢᠶᠡᠯᠡᠩ ᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠪᠣᠯᠣᠨ᠎ᠠ᠃      ᠭᠠᠷ ᠤᠨ ᠥᠰᠥᠭ ᠵᠢᠷᠤᠬᠤ ᠶᠣᠰᠣᠯᠠᠯ ᠠᠴᠠ ᠡᠮᠦᠨ᠎ᠡ᠂ ᠬᠤᠶᠠᠷ ᠲᠠᠯ᠎ᠠ ᠪᠠᠷ ᠢᠶᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠣᠷᠣᠨ ᠤ ᠲᠥᠪ ᠤᠨ ᠣᠨᠴᠠᠯᠢᠭ ᠲᠠᠢ᠂ ᠪᠥᠬᠦ ᠣᠷᠣᠨ ᠤ ᠲᠡᠷᠢᠭᠦᠨ ᠤ ︽ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ︾ ᠢ ᠪᠥᠬᠦ ᠲᠠᠯ᠎ᠠ ᠪᠠᠷ ᠪᠠᠶᠢᠭᠤᠯᠬᠤ᠂ ᠬᠥᠬᠡᠬᠤᠲᠠ ᠶᠢᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠬᠤᠲᠠ ᠶᠢᠨ ᠤᠳᠤᠷᠢᠳᠤᠯᠭ᠎ᠠ ᠹᠠᠩ ᠢᠦᠢ ᠳ᠋ᠦᠩ᠂ ᠸᠠᠩ ᠬᠠᠢ ᠢᠦᠢ᠂ ᠹᠦ᠋ ᠶᠢᠨ ᠽᠠᠢ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ