︵ᠰᠤᠷᠪᠤᠯᠵᠢᠯᠠᠭᠴᠢ ᠰᠥᠩ ᠰᠢᠶᠠᠩ ᠬᠤᠸᠠ︶ 12 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ | ᠦᠢᠯᠡᠴᠢᠯᠡᠭᠡᠨ ᠤ ᠲᠥᠪ ᠤᠨ ᠮᠡᠳᠡᠭᠡ ᠶᠢ ᠦᠨᠳᠦᠰᠦᠯᠡᠪᠡᠯ᠂ ᠣᠲᠣ ᠪᠣᠯᠬᠤ ᠳᠤ᠂ ᠮᠠᠨ ᠤ ᠬᠤᠲᠠ ᠶᠢᠨ ︽ᠭᠤᠷᠪᠠᠨ ᠨᠣᠭᠤᠭᠠᠨ︾ ᠤ ᠭᠦᠢᠴᠡᠳᠬᠡᠯ ᠲᠤᠭ᠎ᠠ | ᠤᠯᠤᠰ ᠤᠨ ᠠᠮᠢ ᠠᠬᠤᠢ ᠶᠢᠨ ᠴᠡᠴᠡᠷᠯᠢᠭ ᠤᠨ ᠬᠤᠲᠠ ᠶᠢᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ | ︽ᠭᠤᠷᠪᠠᠨ ᠨᠣᠭᠤᠭᠠᠨ︾ ᠤ ᠭᠦᠢᠴᠡᠳᠬᠡᠯ ᠲᠤᠭ᠎ᠠ ᠭᠡᠳᠡᠭ ᠨᠢ᠄ ᠪᠠᠶᠢᠭᠤᠯᠤᠭᠳᠠᠭᠰᠠᠨ ᠣᠷᠣᠨ ᠤ ᠨᠣᠭᠤᠭᠠᠨ ᠬᠥᠷᠥᠰᠥ ᠶᠢᠨ ᠨᠣᠷᠮ᠎ᠠ᠂ | ᠨᠣᠭᠤᠭᠠᠷᠠᠭᠤᠯᠤᠯᠲᠠ ᠶᠢᠨ ᠪᠦᠷᠬᠦᠴᠡ ᠪᠠ ᠬᠥᠮᠥᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ ᠵᠢᠭᠠᠵᠤ ᠪᠣᠶ᠃ ᠣᠶᠢᠷ᠎ᠠ ᠶᠢᠨ | ᠵᠢᠯ ᠤᠨ ᠲᠤᠷᠰᠢ᠂ ᠮᠠᠨ ᠤ ᠬᠤᠲᠠ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ | ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠲᠣᠯᠢ ᠪᠣᠯᠭᠠᠵᠤ᠂ ᠴᠡᠴᠡᠷᠯᠢᠭ ᠤᠨ ᠨᠠᠷᠢᠯᠢᠭᠵᠢᠭᠤᠯᠤᠭᠰᠠᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠡᠳᠬᠢᠬᠦᠢ ᠶᠢ ᠬᠤᠪᠢᠷᠠᠭᠤᠯᠤᠨ᠂ ︽ᠮᠢᠩᠭᠠᠨ ᠭᠠᠵᠠᠷ ᠤᠨ ᠨᠣᠭᠤᠭᠠᠨ ᠵᠠᠮ︾ ᠪᠠ ︽ᠮᠢᠩᠭᠠᠨ ᠴᠡᠴᠡᠷᠯᠢᠭ ᠲᠠᠢ | ᠬᠤᠲᠠ︾ ᠶᠢ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠣᠨᠴᠠᠯᠢᠭ ᠢᠶᠠᠷ ᠢᠯᠡ ᠲᠣᠳᠣ ᠦᠵᠡᠮᠵᠢ ᠶᠢᠨ ᠰᠣᠳᠣᠨ ᠪᠦᠲᠦᠭᠡᠯ ᠢ ᠥᠨᠳᠥᠷ | ᠪᠠᠷᠢᠮᠵᠢᠶ᠎ᠠ ᠪᠠᠷ ᠡᠭᠦᠳᠴᠦ᠂ ᠲᠠᠯ᠎ᠠ ᠨᠤᠲᠤᠭ ᠤᠨ ᠬᠤᠲᠠ ᠶᠢᠨ ᠪᠠᠶᠢᠭᠠᠯᠢ ᠶᠢᠨ ᠭᠤᠸ᠎ᠠ ᠰᠠᠶᠢᠬᠠᠨ᠂ ᠠᠮᠢ ᠠᠬᠤᠢ ᠶᠢᠨ ᠭᠤᠸ᠎ᠠ ᠰᠠᠶᠢᠬᠠᠨ ᠢ ᠭᠦᠢᠴᠡᠳ | ᠢᠯᠡᠷᠡᠭᠦᠯᠵᠦ᠂ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 2023 | ᠣᠨ ᠳᠤ᠂ ᠮᠠᠨ ᠤ ᠬᠤᠲᠠ 300 ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ 200 ᠺᠢᠯᠣᠮᠧᠲᠷ ᠬᠤᠳᠠ ᠶᠢᠨ | ᠨᠣᠭᠤᠭᠠᠨ ᠵᠠᠮ ᠢ ᠵᠠᠰᠠᠵᠤ᠂ 1000 ᠵᠡᠭᠡᠯᠢ ᠶᠢᠨ ᠥᠨᠴᠥᠭ ᠢ ᠨᠣᠭᠤᠭᠠᠷᠠᠭᠤᠯᠤᠨ ᠥᠭᠡᠷᠡᠴᠢᠯᠡᠵᠦ᠂ ᠶᠡᠭᠡ ᠲᠦᠷᠭᠡᠨ ᠭᠤᠣᠯ ᠤᠨ ᠴᠡᠴᠡᠭ ᠤᠨ ᠲᠠᠯᠠᠢ ᠶᠢ 7 | ᠰᠢᠨ᠎ᠡ ᠪᠠᠷ ᠪᠠᠶᠢᠭᠤᠯᠵᠤ᠂ 5.6 ᠺᠢᠯᠣᠮᠧᠲᠷ ᠤᠨ ᠲᠠᠯ᠎ᠠ ᠨᠤᠲᠤᠭ ᠤᠨ ᠲᠣᠷᠭᠠᠨ ᠵᠠᠮ ᠤᠨ ︽ᠰᠣᠶᠣᠯ ᠤᠨ ᠲᠡᠩᠭᠡᠯᠢᠭ ᠪᠦᠰᠡ︾ ᠶᠢ ᠪᠠᠶᠢᠭᠤᠯᠵᠤ᠂ ᠰᠠᠶᠢᠨ | ᠣᠷᠴᠢᠯ ᠲᠠᠢ᠂ ᠦᠷᠭᠦᠯᠵᠢᠯᠡᠬᠦ ᠬᠥᠭᠵᠢᠯᠲᠡ ᠲᠠᠢ ᠬᠤᠳᠠ ᠶᠢᠨ ᠨᠣᠭᠤᠭᠠᠨ ᠬᠥᠷᠥᠰᠥ ᠶᠢᠨ ᠲᠣᠣᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ︽ | ᠦᠵᠡᠰᠬᠦᠯᠡᠩᠲᠦ ᠰᠠᠶᠢᠬᠠᠨ ᠬᠥᠬᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠶᠤᠯᠭᠦᠢ ᠶᠢᠨ ᠬᠠᠯᠬᠠᠪᠴᠢ ᠶᠢ ᠦᠨᠡᠨᠬᠦ ᠪᠠᠬᠢᠵᠢᠭᠦᠯᠪᠡ᠃ | | ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠄ ᠮᠠᠨ ᠤ ᠬᠤᠲᠠ ᠶᠢᠨ ᠪᠠᠶᠢᠭᠤᠯᠤᠭᠳᠠᠭᠰᠠᠨ ᠣᠷᠣᠨ ᠤ ᠨᠣᠭᠤᠭᠠᠷᠠᠭᠤᠯᠤᠯᠲᠠ ᠶᠢᠨ | ᠲᠠᠯᠠᠪᠠᠶ 11865.37 ᠾᠧᠺᠲ᠋ᠠᠷ᠂ ᠪᠠᠶᠢᠭᠤᠯᠤᠭᠳᠠᠭᠰᠠᠨ ᠣᠷᠣᠨ ᠤ ᠨᠣᠭᠤᠭᠠᠨ ᠬᠥᠷᠥᠰᠥ ᠶᠢᠨ ᠲᠠᠯᠠᠪᠠᠶ 11089.13 ᠾᠧᠺᠲ᠋ᠠᠷ ᠬᠦᠷᠴᠦ᠂ ᠨᠣᠭᠤᠭᠠᠨ | ᠬᠥᠷᠥᠰᠥ ᠶᠢᠨ ᠨᠣᠷᠮ᠎ᠠ 40.91% ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ 43.77% ᠬᠦᠷᠴᠡᠢ᠃ ᠪᠥᠬᠦ ᠬᠤᠲᠠ ᠶᠢᠨ ᠴᠡᠴᠡᠷᠯᠢᠭ ᠤᠨ | ᠨᠣᠭᠤᠭᠠᠨ ᠬᠥᠷᠥᠰᠥ ᠶᠢᠨ ᠲᠠᠯᠠᠪᠠᠶ 4233.14 ᠾᠧᠺᠲ᠋ᠠᠷ ᠬᠦᠷᠴᠦ᠂ ᠬᠥᠮᠥᠨ ᠳᠤᠮᠳᠠᠴᠢ ᠶᠢᠨ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠶ 17. | 26 ᠲᠡᠭᠰᠢ ᠳᠥᠷᠪᠡᠯᠵᠢᠨ ᠮᠧᠲᠷ ᠬᠦᠷᠴᠦ᠂ ︽ᠭᠤᠷᠪᠠᠨ ᠨᠣᠭᠤᠭᠠᠨ︾ ᠤ ᠭᠦᠢᠴᠡᠳᠬᠡᠯ ᠲᠤᠭ᠎ᠠ ᠤᠯᠤᠰ ᠤᠨ ᠠᠮᠢ ᠠᠬᠤᠢ ᠶᠢᠨ ᠴᠡᠴᠡᠷᠯᠢᠭ ᠤᠨ ᠬᠤᠲᠠ ᠶᠢᠨ | ᠪᠠᠷᠢᠮᠵᠢᠶ᠎ᠠ ᠳᠤ ᠬᠥᠷᠪᠡ᠃ |