ᠯᠢ ᠯᠢᠦ ᠰᠢᠶᠤᠤ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
2.1李六小主持召开蒙牛乳业产业园配套产业项目推进会.jpg
      1 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠢᠵᠢ ᠪᠥᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠨᠠᠩ ᠰᠠᠶᠢᠨ ᠡᠬᠢᠯᠡᠯᠲᠡ ᠲᠠᠢ᠂ ᠨᠠᠩ ᠪᠣᠳᠠᠲᠠᠶ ᠦᠢᠯᠡᠴᠢᠯᠡᠭᠡ ᠲᠠᠢ᠂ ᠨᠠᠩ ᠰᠢᠯᠢᠳᠡᠭ ᠣᠷᠴᠢᠨ ᠲᠣᠭᠤᠷᠢᠨ ᠢᠶᠠᠷ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠮᠤ ᠪᠤᠳᠠᠭ᠎ᠠ ᠲᠡᠵᠢᠭᠡᠯ ᠪᠣᠷᠳᠤᠭ᠎ᠠ᠂ ᠢ ᠬᠤᠩ ᠪᠣᠭᠤᠳᠠᠯ ᠤᠨ ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠤᠨ ᠬᠠᠷᠢᠭᠤᠴᠠᠯᠭᠠᠲᠠᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠤᠨ ᠲᠤᠬᠠᠢ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃ ᠯᠢ ᠯᠢᠦ ᠰᠢᠶᠤᠤ ᠲᠡᠮᠳᠡᠭᠯᠡᠯ ᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠨᠢᠭᠡᠳ ᠨᠢᠭᠡ ᠪᠠᠷ ᠬᠠᠷᠢᠭᠤ ᠥᠭᠪᠡ᠃ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠶᠢ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠳᠠᠷᠤᠵᠤ᠂ ᠤᠯᠤᠯᠴᠠᠭ᠎ᠠ ᠪᠠ ᠵᠣᠯᠭᠠᠯᠴᠠᠭ᠎ᠠ ᠪᠠᠨ ᠴᠢᠩᠭᠠᠳᠬᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠯᠢ ᠯᠢᠦ ᠰᠢᠶᠤᠤ ᠴᠢᠬᠤᠯᠠᠴᠢᠯᠠᠬᠤ ᠳᠠᠭᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠢᠯᠢᠳᠡᠭ ᠦᠢᠯᠡᠴᠢᠯᠡᠭᠡ ᠬᠠᠩᠭᠠᠵᠤ᠂ ᠦᠷᠭᠦᠯᠵᠢᠯᠡᠨ ︽ᠦᠢᠯᠡᠴᠢᠯᠡᠭᠴᠢ︾ ᠪᠣᠯᠵᠣ᠂ ᠲᠤᠯᠭᠠᠷᠠᠭᠰᠠᠨ ᠬᠦᠴᠢᠷᠳᠡᠯ ᠢ ᠪᠥᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠠᠵᠤ ᠠᠬᠤᠶᠢᠯᠠᠯ ᠤᠳ ᠪᠠᠴᠢᠮ ᠲᠤᠯᠭᠠᠮ᠎ᠠ ᠦᠵᠡᠯ ᠤᠬᠠᠮᠰᠠᠷ ᠢᠶᠠᠨ ᠴᠢᠩᠭᠠᠳᠬᠠᠵᠤ᠂ ᠬᠤᠷᠳᠤᠴᠠ ᠪᠠᠨ ᠳᠡᠭᠡᠭᠰᠢᠯᠡᠭᠦᠯᠦᠨ ᠬᠦᠴᠦᠨ ᠢᠶᠠᠨ ᠨᠡᠮᠡᠭᠳᠡᠭᠦᠯᠵᠦ᠂ ᠲᠥᠷᠥᠯ ᠵᠦᠢᠯ ᠤᠨ ᠠᠵᠢᠯ ᠡᠬᠢᠯᠡᠭᠦᠯᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠵᠦ᠂ ᠠᠵᠤ ᠦᠢᠯᠡᠰ ᠤᠨ ᠬᠦᠷᠢᠶᠡᠯᠡᠩ ᠤᠨ ᠢᠵᠢ ᠪᠥᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠤᠷᠤᠭᠰᠢᠲᠠᠶ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃      ᠰᠢᠶᠠᠨ ᠤ ᠤᠳᠤᠷᠢᠳᠤᠯᠭ᠎ᠠ ᠭᠤᠤ ᠹᠧᠩ᠂ ᠭᠦᠸᠧ ᠸᠧᠨ ᠵᠢᠶᠦ᠋ᠨ᠂ ᠸᠠᠩ ᠰᠢᠶᠤᠤ ᠮᠢᠩ᠂ ᠸᠧᠶ ᠪᠢᠨ᠂ ᠬᠤᠯᠪᠣᠭᠳᠠᠯ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ