ᠬᠤᠷᠢᠨᠭᠡᠷ ᠰᠢᠶᠠᠨ ᠪᠣᠯᠪᠠᠰᠤᠨ ᠬᠤᠳᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
 2.1和林格尔县召开创城工作推进会.jpg
      1 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠣᠯᠪᠠᠰᠤᠨ ᠬᠤᠲᠠ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠪᠣᠯᠪᠠᠰᠤᠨ ᠬᠤᠲᠠ ᠪᠠᠶᠢᠭᠤᠯᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠳᠤ ᠳᠠᠬᠢᠨ ᠲᠣᠬᠢᠷᠠᠭᠤᠯᠤᠯᠲᠠ ᠳᠠᠬᠢᠨ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠪᠦᠬᠦ ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠪᠦᠬᠦ ᠤᠯᠤᠰ ᠤᠨ ᠪᠣᠯᠪᠠᠰᠤᠨ ᠬᠤᠳᠠ ᠶᠢ ᠴᠢᠷᠮᠠᠶᠢᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠳᠤᠲᠠᠭᠤᠳᠠᠯ ᠢ ᠨᠢ ᠨᠠᠷᠢᠨ ᠬᠢᠨᠠᠮᠠᠭᠠᠢ ᠪᠠᠶᠢᠴᠠᠭᠠᠨ ᠨᠥᠬᠦᠪᠥᠷᠢᠯᠡᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠰᠢᠢᠳᠪᠦᠷᠢᠲᠦ ᠪᠠᠶᠢᠯᠳᠤᠭᠠᠨ ᠬᠢᠬᠦ ᠣᠪᠣᠷ ᠪᠠᠶᠢᠳᠠᠯ ᠢ ᠠᠪᠴᠤ᠂ ᠮᠠᠨ ᠤ ᠰᠢᠶᠠᠨ ᠤ ᠪᠦᠬᠦ ᠤᠯᠤᠰ ᠤᠨ ᠪᠣᠯᠪᠠᠰᠤᠨ ᠬᠤᠳᠠ ᠶᠢᠨ ᠡᠩᠨᠡᠭᠡᠨ ᠳᠤ ᠣᠷᠣᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ᠃ ᠦᠵᠡᠯ ᠰᠠᠨᠠᠭ᠎ᠠ ᠪᠠᠨ ᠨᠢᠭᠡᠳᠬᠡᠵᠦ᠂ ᠥᠨᠳᠥᠷ  ᠢᠶᠠᠷ ᠪᠠᠷᠢᠮᠵᠢᠶ᠎ᠠ ᠪᠣᠯᠭᠠᠬᠤ ᠠᠴᠠ ᠪᠢᠰᠢ ᠳᠣᠣᠷ᠎ᠠ ᠢᠶᠠᠷ ᠪᠠᠷᠢᠮᠵᠢᠶ᠎ᠠ ᠪᠣᠯᠭᠠᠵᠤ ᠪᠣᠯᠬᠤ ᠦᠭᠡᠢ ᠭᠡᠬᠦ ᠪᠠᠷᠢᠮᠵᠢᠶ᠎ᠠ ᠪᠠᠷ ᠪᠣᠯᠪᠠᠰᠤᠨ ᠬᠤᠳᠠ ᠶᠢ ᠪᠠᠶᠢᠭᠤᠯᠬᠤ ᠠᠵᠢᠯ ᠢ ᠰᠠᠶᠢᠲᠤᠷ ᠪᠡᠶᠡᠯᠡᠭᠦᠯᠵᠦ᠂ ᠬᠦᠴᠦᠨ ᠢᠶᠠᠨ ᠨᠢᠭᠡᠳᠦᠯᠲᠡᠢ ᠲᠥᠯᠥᠪᠵᠢᠭᠦᠯᠵᠦ ᠭᠤᠣᠯᠳᠠᠯᠭ᠎ᠠ ᠶᠢ ᠠᠳᠬᠤᠵᠤ᠂ ᠲᠣᠭᠲᠠᠭᠰᠠᠨ ᠴᠢᠭᠯᠡᠯᠲᠡ ᠶᠢ ᠬᠤᠪᠢᠷᠠᠭᠤᠯᠬᠤ ᠦᠭᠡᠢ ᠲᠦᠷᠦ ᠶᠢᠨ ᠪᠤᠳᠤᠯᠭ᠎ᠠ ᠶᠢᠨ ᠶᠣᠰᠣᠭᠠᠷ ᠪᠣᠯᠪᠠᠰᠤᠨ ᠬᠤᠳᠠ ᠶᠢ ᠪᠠᠶᠢᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠪᠠᠷ ᠣᠷᠣᠯᠴᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠡᠭᠦᠷᠭᠡ ᠪᠠᠨ ᠨᠠᠷᠢᠨ ᠲᠣᠳᠣᠷᠬᠠᠢ ᠪᠣᠯᠭᠠᠵᠤ᠂ ᠠᠵᠢᠯ ᠤᠨ ᠲᠤᠬᠢᠷᠠᠭᠤᠯᠤᠯᠳᠠ ᠪᠠᠨ ᠲᠣᠳᠣᠷᠬᠠᠶᠢᠯᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠯᠢᠪᠠ ᠬᠦᠴᠦᠨ ᠢᠶᠠᠨ ᠪᠠᠭᠠᠰᠬᠠᠵᠤ ᠪᠣᠯᠬᠤ ᠦᠭᠡᠢ᠂ ᠭᠤᠣᠯᠳᠠᠯᠭ᠎ᠠ ᠲᠠᠢ ᠴᠡᠭ ᠲᠤ ᠰᠢᠪᠲᠤᠯᠤᠯᠲᠠ ᠬᠢᠬᠦ ᠬᠡᠷᠡᠭᠲᠡᠢ᠃ ᠲᠠᠨᠢᠯᠲᠠ ᠪᠠᠨ ᠭᠦᠨᠵᠡᠭᠡᠶᠢᠷᠡᠭᠦᠯᠵᠦ᠂ ᠴᠠᠭ ᠮᠥᠴᠡ ᠶᠢ ᠠᠯᠳᠠᠯ ᠦᠭᠡᠢ ᠲᠡᠮᠡᠴᠡᠵᠦ᠂ ᠬᠦᠴᠦᠯᠡᠨ ᠰᠢᠪᠲᠤᠯᠤᠯᠲᠠ ᠬᠢᠵᠦ᠂ ᠭᠤᠣᠯᠳᠠᠯᠭ᠎ᠠ ᠶᠢ ᠲᠤᠪᠤᠶᠢᠯᠭᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠴᠢᠩᠭ᠎ᠠ ᠪᠠᠶᠢᠵᠤ᠂ ᠠᠵᠢᠯ ᠢᠶᠠᠨ ᠪᠠᠶᠢᠴᠠᠭᠠᠬᠤ ᠳᠠᠭᠠᠨ ᠨᠠᠷᠢᠨ ᠨᠢᠮᠪᠠᠢ ᠪᠠᠶᠢᠵᠤ᠂ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠢ ᠵᠦᠢᠯ ᠳᠤ ᠬᠠᠨᠳᠤᠬᠤ ᠳᠠᠭᠠᠨ ᠡᠷᠬᠡᠪᠰᠢ ᠬᠠᠲᠠᠭᠤ ᠬᠦᠴᠦ ᠣᠷᠣᠭᠤᠯᠵᠤ᠂ ᠬᠠᠲᠠᠭᠤ ᠠᠷᠭ᠎ᠠ ᠪᠠᠷᠢᠯ ᠢᠶᠠᠷ ᠰᠢᠢᠳᠪᠦᠷᠢᠯᠡᠵᠦ᠂ ᠪᠦᠬᠦ ᠰᠢᠶᠠᠨ ᠤ ᠪᠣᠯᠪᠠᠰᠤᠨ ᠬᠤᠳᠠ ᠶᠢ ᠪᠠᠶᠢᠭᠤᠯᠬᠤ ᠠᠵᠢᠯ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠭᠤᠤ ᠹᠧᠩ᠂ ᠨᠢᠦ ᠵᠢᠶᠦ᠋ᠨ᠂ ᠭᠦᠸᠧ ᠸᠧᠨ ᠵᠢᠶᠦ᠋ᠨ᠂ ᠯᠢᠦ ᠨᠢᠩ᠂ ᠸᠠᠩ ᠰᠢᠶᠤᠤ ᠮᠢᠩ᠂ ᠵᠤᠤ ᠵᠢᠶᠠᠨ ᠴᠢᠩ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ