ᠬᠤᠷᠢᠨᠭᠡᠷ ᠰᠢᠶᠠᠨ ᠬᠠᠤᠯᠢ ᠪᠤᠰᠤ ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/1
2.1和林格尔县开展非法卫星电视广播地面接收设施日常检查行动.jpg
      ᠮᠠᠨ ᠤ ᠰᠢᠶᠠᠨ ᠤ ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠯᠠᠮ ᠨᠢᠭᠡ ᠠᠯᠬᠤᠮ ᠵᠢᠷᠤᠮᠵᠢᠭᠤᠯᠤᠨ ᠬᠠᠮᠢᠶᠠᠷᠬᠤ ᠶᠢᠨ ᠲᠥᠯᠥᠭᠡ᠂ ᠤᠯᠤᠰ ᠤᠨ ︽ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ 1 ᠰᠠᠷ᠎ᠠ ᠶᠢᠨ 30 ᠤ ᠡᠳᠦᠷ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠪᠤᠰᠤ ᠳᠠᠭᠠᠭᠤᠯᠢ ᠣᠳᠣᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ᠃      ᠪᠠᠶᠢᠴᠠᠭᠠᠯᠲᠠ ᠶᠢᠨ ᠳᠤᠮᠳᠠ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠮᠠᠨ ᠤ ᠰᠢᠶᠠᠨ ᠤ ᠴᠧᠩ ᠭᠤᠸᠠᠨ ᠪᠠᠯᠭᠠᠰᠤᠨ ᠤ ᠬᠠᠷᠢᠶ᠎ᠠ ᠲᠣᠭᠤᠷᠢᠭ ᠲᠠᠬᠢ ᠵᠢᠤᠢ ᠬᠤᠸᠠ ᠵᠣᠴᠢᠳ ᠤᠨ ᠪᠠᠭᠤᠳᠠᠯ᠂ ᠶᠢᠨ ᠱᠧᠩ ᠬᠤᠳᠠᠯᠳᠤᠭᠠᠨ ᠤ ᠶᠠᠪᠤᠳᠠᠯ ᠤᠨ ᠵᠣᠴᠢᠳ ᠤᠨ ᠪᠠᠭᠤᠳᠠᠯ᠂ ᠬᠤᠤ ᠰᠢᠶᠠᠩ ᠬᠦᠶ ᠪᠢᠨ ᠯᠧᠦ ᠵᠡᠷᠭᠡ ᠲᠠᠯᠠᠪᠤᠷ ᠤᠨ ᠲᠧᠯᠸᠢᠰ ᠤᠨ ᠳᠣᠬᠢᠶᠠᠨ ᠤ ᠢᠷᠡᠯᠲᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠭᠰᠠᠨ ᠪᠥᠭᠡᠳ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠭᠡ ᠨᠢ ᠲᠣᠭᠲᠠᠭᠠᠯ ᠠᠴᠠ ᠵᠥᠷᠢᠴᠡᠭᠰᠡᠨ ᠡᠰᠡᠬᠦ ᠵᠡᠷᠭᠡ ᠪᠠᠶᠢᠳᠠᠯ ᠢ ᠲᠡᠮᠳᠡᠭᠯᠡᠵᠦ᠂ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠤᠭᠰᠠᠷᠠᠵᠤ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠥᠬᠡᠶ᠃      ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠰᠢᠶᠠᠨ ᠤ ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠡᠮᠬᠢ ᠵᠢᠷᠤᠮ ᠢ ᠪᠦᠲᠦᠮᠵᠢᠲᠡᠶ ᠪᠠᠷ ᠵᠢᠷᠤᠮᠵᠢᠭᠤᠯᠪᠠ᠂ ᠲᠠᠷᠠᠭᠠᠴᠢ ᠶᠢᠨ ᠠᠯᠬᠤᠮ ᠳᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ ᠳᠠᠭᠠᠭᠤᠯᠢ ᠣᠳᠣᠨ ᠤ ᠭᠠᠵᠠᠷ ᠳᠡᠭᠡᠷᠡᠬᠢ ᠬᠠᠤᠯᠢ ᠪᠤᠰᠤ ᠭᠥᠯᠢᠶᠡᠨ ᠠᠪᠬᠤ ᠲᠥᠬᠦᠭᠡᠷᠦᠮᠵᠢ ᠶᠢ ᠴᠡᠪᠡᠷᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠨ ᠤ ᠰᠢᠶᠠᠨ ᠤ ᠥᠷᠭᠡᠨ ᠣᠯᠠᠨ ᠲᠦᠮᠡᠨ ᠳᠤ ᠢᠳᠡᠪᠬᠢᠲᠡᠶ᠂ ᠡᠷᠡᠭᠦᠯ᠂ ᠠᠮᠤᠷ ᠲᠦᠪᠰᠢᠨ᠂ ᠡᠮᠬᠢ ᠵᠢᠷᠤᠮ ᠲᠠᠢ ᠭᠥᠯᠢᠶᠡᠨ ᠠᠪᠴᠤ ᠦᠵᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯᠤᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ