ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ ᠬᠤᠶᠠᠳᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
2.1和林格尔县人民政府召开2023年第二次县长办公会议.jpg
      1 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠤᠯᠤᠰ ᠤᠨ ᠥᠮᠴᠢᠯᠡᠯ ᠤᠨ ᠺᠣᠮᠫᠠᠨᠢ ᠶᠢᠨ ᠳᠠᠷᠠᠭᠠᠴᠢ ᠶᠢᠨ ᠠᠯᠬᠤᠮ ᠤᠨ ᠠᠵᠢᠯᠯᠠᠭᠠᠨ ᠤ ᠪᠠᠶᠢᠳᠠᠯ ᠢ ᠰᠤᠳᠤᠯᠤᠨ ᠶᠠᠷᠢᠯᠴᠠᠪᠠ᠃ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠬᠤᠩ ᠹᠦ᠋ ᠪᠦᠯᠦᠭᠯᠡᠯ ᠤᠨ ᠤᠶᠤᠨᠲᠤ ᠬᠦᠯᠡᠮᠵᠢ ᠶᠢᠨ ᠲᠦᠷᠦᠯ ᠵᠦᠢᠯ ᠤᠨ ᠭᠠᠷ ᠭᠦᠢᠴᠡᠳᠬᠡᠯ ᠬᠢᠬᠦ ᠶᠠᠪᠤᠴᠠ ᠶᠢ ᠲᠣᠳᠣᠷᠬᠠᠶᠢᠯᠠᠪᠠ︔ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠶᠢᠨ ᠵᠠᠳᠠᠯᠤᠯᠲᠠ ᠶᠢᠨ ᠨᠠᠷᠢᠨ ᠲᠠᠩᠰᠠ ᠶᠢ ᠪᠠᠭᠤᠯᠭᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠡᠳ᠋ ᠪᠠᠷᠠᠭᠠᠨ ᠤ ᠭᠦᠢᠯᠭᠡᠭᠡ᠂ ᠲᠤᠭ᠎ᠠ ᠪᠠᠷᠢᠮᠲᠠ ᠶᠢᠨ ᠲᠥᠪ ᠵᠡᠷᠭᠡ ᠳᠤ ᠤᠯᠠᠮ ᠨᠢᠭᠡ ᠠᠯᠬᠤᠮ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠥᠷᠭᠡᠳᠬᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠪᠠᠨ ᠤᠯᠠᠮ ᠨᠢᠭᠡ ᠠᠯᠬᠤᠮ ᠲᠦᠷᠭᠡᠳᠬᠡᠵᠦ᠂ ᠲᠥᠷᠥᠯ ᠵᠦᠢᠯ ᠤᠨ ᠠᠬᠢᠴᠠ ᠶᠢ ᠴᠠᠭ ᠲᠤᠬᠠᠶ ᠳᠤᠨᠢ ᠳᠠᠭᠠᠵᠤ᠂ ᠭᠠᠷᠳᠠᠮ ᠢ ᠭᠦᠢᠴᠡᠳᠬᠡᠬᠦ ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠬᠦᠴᠦᠯᠡᠨ ᠨᠡᠪᠲᠡᠷᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠨᠢᠭᠲᠠ ᠬᠠᠮᠵᠢᠯᠴᠠᠵᠤ᠂ ᠬᠦᠷᠢᠶᠡᠯᠡᠩ ᠲᠣᠭᠤᠷᠢᠭ ᠤᠨ ᠳᠤᠯᠠᠭᠠᠯᠠᠭ᠎ᠠ᠂ ᠵᠠᠮ ᠬᠠᠷᠢᠯᠴᠠᠭ᠎ᠠ᠂ ᠪᠣᠬᠢᠷ ᠤᠰᠤ ᠶᠢ ᠰᠢᠢᠳᠪᠦᠷᠢᠯᠡᠬᠦ᠂ ᠬᠤᠭᠤᠯᠠᠶ ᠶᠢᠨ ᠲᠣᠤᠷ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ᠂ ᠥᠨᠳᠥᠷ ᠬᠢᠷᠢ ᠲᠦᠪᠰᠢᠨ ᠢᠶᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠮᠠᠨ ᠤ ᠰᠢᠶᠠᠨ ᠤ ︽ᠴᠠᠨ᠎ᠠ ᠴᠡᠴᠡᠭ ᠤᠨ ᠰᠣᠶᠣᠯ︾᠂ ︽ᠴᠢᠴᠠᠷᠭᠠᠨ᠎ᠠ ᠶᠢᠨ ᠰᠣᠶᠣᠯ︾᠂ ︽ᠱᠧᠩ ᠯᠧ ᠠᠮᠲᠠ ᠶᠢᠨ ᠴᠣᠮᠣᠷᠯᠢᠭ︾ ᠵᠡᠷᠭᠡ ᠤᠨᠴᠠᠯᠢᠭᠳᠤ ᠰᠣᠶᠣᠯ ᠢ ᠰᠣᠶᠣᠯ ᠤᠨ ᠵᠤᠭᠠᠴᠠᠯ ᠲᠠᠢ ᠤᠶᠠᠯᠳᠤᠭᠤᠯᠵᠤ᠂ ᠤᠬᠠᠭᠤᠯᠤᠨ ᠲᠠᠨᠢᠯᠴᠠᠭᠤᠯᠬᠤ ᠪᠠ ᠡᠵᠡᠩᠨᠡᠨ ᠪᠣᠷᠣᠯᠠᠭᠤᠯᠬᠤ ᠲᠥᠰᠦᠪᠯᠡᠯ ᠤᠨ ᠡᠷᠴᠢᠮ ᠢᠶᠠᠨ ᠴᠢᠩᠭᠠᠷᠠᠭᠤᠯᠵᠤ᠂ ᠬᠤᠷᠢᠨᠭᠡᠷ ᠤᠨ ᠤᠨᠴᠠᠯᠢᠭᠳᠤ ᠰᠣᠶᠣᠯ ᠤᠨ ᠵᠤᠭᠠᠴᠠᠯ ᠤᠨ ᠲᠦᠷᠦᠯ ᠲᠡᠮᠳᠡᠭ ᠢ ᠴᠢᠨᠠᠭᠰᠢᠳᠠ ᠡᠭᠦᠳᠴᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠂ ᠱᠧᠩ ᠯᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ