︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠵᠠᠩᠵᠤᠨ ᠤ ᠶᠠᠮᠤᠨ ᠮᠦᠽᠧᠢ᠂ ᠬᠤᠳᠠ ᠶᠢᠨ ᠰᠣᠶᠣᠯ ᠤᠨ ᠣᠷᠳᠣᠨ ᠪᠣᠯᠣᠨ ᠬᠤᠳᠠ ᠶᠢᠨ ᠰᠣᠶᠣᠯ ᠵᠢᠭᠤᠯᠴᠢᠯᠠᠯ ᠤᠨ | ᠪᠡᠯᠡ ᠣᠷᠣᠭᠤᠯᠤᠯᠲᠠ ᠶᠢᠨ ᠪᠦᠯᠦᠭᠯᠡᠯ ᠳᠤ ᠭᠦᠨᠵᠡᠭᠡᠶᠢᠷᠡᠵᠦ᠂ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠣᠶᠣᠯ | ᠦᠵᠡᠰᠬᠦᠯᠡᠩ ᠤᠨ ᠣᠷᠳᠣᠨ ᠲᠠᠯᠠᠪᠠᠢ ᠶᠢᠨ ᠠᠵᠢᠯᠯᠠᠭᠠᠨ᠂ ᠤᠯᠠᠨ ᠨᠡᠶᠢᠲᠡ ᠶᠢᠨ ᠰᠣᠶᠣᠯ ᠤᠨ ᠦᠢᠯᠡᠰ ᠪᠣᠯᠣᠨ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠬᠥᠭᠵᠢᠯᠲᠡ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠲᠤᠬᠠᠢ ᠶᠢᠨ ᠭᠠᠵᠠᠷ ᠨᠢ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ᠂ ᠪᠣᠣ ᠭᠠᠩ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ | ᠬᠡᠯᠡᠬᠦ ᠳᠡᠭᠡᠨ᠂ ᠰᠣᠶᠣᠯ ᠪᠣᠯ ᠨᠢᠭᠡ ᠬᠤᠳᠠ ᠶᠢᠨ ᠦᠨᠳᠦᠰᠦ ᠪᠠ ᠰᠦᠭ ᠰᠦᠨᠡᠰᠦ ᠮᠥᠨ᠂ ᠲᠥᠪ ᠬᠤᠳᠠ ᠶᠢᠨ ᠬᠢᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ | ᠲᠦᠷᠭᠡᠨ ᠪᠦᠲᠦᠭᠡᠨ ᠪᠠᠶᠢᠭᠤᠯᠬᠤ ᠳᠤ ᠰᠣᠶᠣᠯ ᠤᠨ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠠᠴᠠ ᠰᠠᠯᠵᠤ ᠴᠢᠳᠠᠬᠤ ᠦᠭᠡᠢ ᠶᠤᠮ᠃ ᠬᠤᠳᠠ ᠶᠢᠨ ᠰᠣᠶᠣᠯ ᠤᠨ | ᠴᠢᠳᠠᠪᠤᠷᠢ ᠶᠢᠨ ᠲᠡᠰ ᠢ ᠲᠦᠷᠭᠡᠨ ᠳᠡᠭᠡᠭᠰᠢᠯᠡᠭᠦᠯᠵᠦ᠂ ᠬᠤᠳᠠ ᠶᠢᠨ ᠰᠣᠶᠣᠯ ᠤᠨ ᠰᠤᠳᠠᠰᠤ ᠶᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ ᠬᠤᠳᠠ ᠶᠢᠨ ᠪᠣᠯᠪᠠᠰᠤᠨ ᠢᠶᠠᠨ ᠬᠠᠳᠠᠭᠠᠯᠠᠬᠤ | ᠬᠡᠷᠡᠭᠲᠡᠢ᠃ ᠬᠤᠳᠠ ᠶᠢᠨ ᠵᠣᠷᠢᠭ ᠰᠠᠨᠠᠭ᠎ᠠ ᠶᠢ ᠱᠤᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠥᠬᠡᠬᠤᠲᠠ ᠶᠢᠨ ᠥᠨᠢ ᠤᠳᠠᠭᠠᠨ ᠲᠡᠦᠬᠡ᠂ ᠭᠦᠨ ᠵᠤᠵᠠᠭᠠᠨ | ᠰᠣᠶᠣᠯ ᠤᠨ ᠠᠭᠤᠯᠬᠤᠨ ᠢ ᠦᠨᠡᠨᠬᠦ ᠰᠠᠶᠢᠲᠤᠷ ᠠᠭᠤᠳᠠᠯᠵᠤ᠂ ᠰᠠᠶᠢᠲᠤᠷ ᠬᠠᠷᠠᠭᠤᠯᠵᠤ᠂ ᠰᠠᠶᠢᠲᠤᠷ ᠤᠬᠠᠭᠤᠯᠤᠨ᠂ ᠰᠣᠶᠣᠯ ᠤᠨ ᠠᠭᠤᠯᠤᠭᠳᠠᠬᠤᠨ᠂ ᠬᠤᠳᠠ ᠶᠢᠨ ᠬᠡᠪ ᠨᠠᠮᠪᠠ ᠶᠢ | ᠳᠡᠭᠡᠭᠰᠢᠯᠡᠭᠦᠯᠵᠦ᠂ ᠨᠡᠩ ᠤᠯᠠᠨ ᠬᠥᠮᠥᠨ ᠢ ᠬᠥᠬᠡᠬᠤᠲᠠ ᠳᠤ ᠢᠷᠡᠭᠦᠯᠵᠦ᠂ ᠬᠥᠬᠡᠬᠤᠲᠠ ᠶᠢ ᠣᠶᠢᠯᠠᠭᠠᠭᠤᠯᠵᠤ᠂ ᠬᠥᠬᠡᠬᠤᠲᠠ ᠳᠤ ᠬᠠᠶᠢᠷᠠᠲᠠᠢ ᠪᠣᠯᠭᠠᠬᠤ ᠬᠡᠷᠡᠭᠲᠡᠢ᠃ ᠰᠣᠶᠣᠯ | ᠦᠵᠡᠰᠬᠦᠯᠡᠩ ᠤᠨ ᠲᠠᠯᠠᠪᠠᠢ ᠶᠢ ᠰᠠᠶᠢᠬᠠᠨ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠥᠮᠥᠷᠭᠡ ᠠᠴᠠ ᠭᠠᠷᠭᠠᠨ᠂ ᠦᠵᠡᠰᠬᠦᠯᠡᠩ ᠳᠤ ᠣᠷᠣᠯᠴᠠᠭᠤᠯᠵᠤ᠂ ᠤᠯᠠᠨ | ᠲᠦᠮᠡᠨ ᠲᠠᠢ ᠣᠶᠢᠷᠠᠲᠤᠭᠤᠯᠬᠤ ᠬᠡᠷᠡᠭᠲᠡᠢ᠃ ᠳ᠋ᠠ ᠱᠧᠩ ᠺᠦᠢ ᠶᠢᠨ ᠮᠦᠽᠧᠢ ᠶᠢᠨ ᠰᠦᠷᠦᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠩ ᠤᠯᠠᠨ | ᠦᠵᠡᠮᠦᠷᠢ ᠶᠢᠨ ᠪᠣᠳᠠᠰ ᠢ ᠥᠷᠭᠡᠨ ᠢᠶᠠᠷ ᠴᠤᠭᠯᠠᠭᠤᠯᠵᠤ᠂ ᠣᠨᠴᠠᠯᠢᠭ ᠢᠶᠠᠷ ᠢᠯᠡ ᠲᠣᠳᠣ ᠮᠦᠽᠧᠢ ᠶᠢᠨ ᠰᠦᠷᠦᠭ ᠢ ᠪᠦᠷᠢᠯᠳᠦᠭᠦᠯᠬᠦ ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ | ᠣᠷᠣᠨ ᠢ ᠬᠤᠯᠪᠣᠵᠤ᠂ ᠨᠢᠭᠡᠳᠦᠯᠲᠡᠢ ᠤᠬᠠᠭᠠᠯᠠᠨ ᠲᠥᠰᠥᠪᠯᠡᠵᠦ᠂ ᠴᠡᠭ ᠢ ᠬᠤᠯᠪᠣᠨ ᠱᠤᠭᠤᠮ ᠪᠣᠯᠭᠠᠵᠤ᠂ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠵᠤ᠂ ᠰᠣᠶᠣᠯ ᠢᠶᠠᠷ | ᠵᠢᠭᠤᠯᠴᠢᠯᠠᠯ ᠢ ᠲᠠᠲᠠᠵᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠵᠦ᠂ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠤᠳᠬ᠎ᠠ | ᠤᠷᠠᠯᠢᠭ ᠤᠨ ᠬᠦᠷᠢᠶᠡᠯᠡᠩ ᠪᠦᠯᠬᠦᠮ ᠤᠨ ᠬᠠᠮᠢᠶᠠᠷᠤᠯᠲᠠ ᠠᠵᠢᠯᠯᠠᠭᠠᠨ ᠪᠠ ᠵᠣᠬᠢᠶᠠᠨ ᠪᠦᠲᠦᠭᠡᠵᠦ ᠲᠣᠭᠯᠠᠯᠲᠠ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠴᠠᠭ ᠦᠶ᠎ᠡ ᠶᠢᠨ ᠠᠯᠬᠤᠭ᠎ᠠ ᠶᠢ ᠲᠠᠭᠠᠬᠰᠠᠨ᠂ ᠠᠷᠠᠳ ᠲᠦᠮᠡᠨ ᠤ ᠬᠡᠷᠡᠭᠴᠡᠭᠡ ᠳᠤ ᠨᠡᠶᠢᠴᠡᠭᠰᠡᠨ ᠨᠡᠩ ᠤᠯᠠᠨ ᠰᠣᠳᠣᠨ ᠪᠦᠲᠦᠭᠡᠯ ᠢ | ᠭᠠᠷᠭᠠᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠰᠢᠨ ᠨᠠ᠂ ᠵᠠᠩ ᠵᠢᠢ ᠹᠧᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |