ᠪᠣᠣ ᠭᠠᠩ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/1
      ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃      ᠪᠣᠣ ᠭᠠᠩ ᠳ᠋ᠢᠩ ᠲᠠᠢ ᠸᠠᠨ ᠪᠠᠩ ᠰᠢᠨ᠎ᠡ ᠮᠠᠲ᠋ᠧᠷᠢᠶᠠᠯ᠂ ᠪᠠᠢ ᠪᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠪᠣᠯᠣᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠮᠥᠷᠭᠡ ᠶᠢᠨ ᠦᠢᠯᠡᠴᠢᠯᠡᠭᠡᠨ ᠤ ᠲᠥᠪ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠵᠢᠴᠢ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠳᠠᠪᠠᠭᠤᠯᠢᠭ ᠲᠤ ᠲᠦᠰᠢᠭᠯᠡᠨ᠂ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠶᠢ ᠵᠣᠷᠢᠭᠵᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ︽ᠦᠢᠯᠡᠴᠢᠯᠡᠭᠴᠢ︾ ᠪᠣᠯᠬᠤ ᠶᠢ ᠱᠠᠭᠠᠷᠳᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠠᠨᠳᠤᠯᠭᠠᠲᠤ ᠴᠢᠨᠠᠷᠲᠠᠢ ᠪᠠᠷ ᠦᠢᠯᠡᠴᠢᠯᠡᠭᠡ ᠳᠡᠭᠡᠨ ᠰᠢᠨ᠎ᠡ ᠶᠢ ᠡᠭᠦᠳᠴᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠡᠢ᠃      ᠳᠠᠷᠠᠭ᠎ᠠ ᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠪᠣᠯ ︽ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ︾ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠ ᠮᠠᠨ ᠤ ᠬᠤᠳᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ ᠭᠡᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠮᠠᠨ ᠤ ᠬᠤᠳᠠ ᠶᠢᠨ ᠭᠤᠣᠯᠯᠠᠭᠴᠢ ᠠᠵᠤ ᠦᠢᠯᠡᠰ ᠪᠣᠯᠣᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠰᠢᠨ᠎ᠡ ᠮᠠᠲ᠋ᠧᠷᠢᠶᠠᠯ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠭ᠎ᠠ ᠲᠦᠷᠦᠯ ᠵᠦᠢᠯ ᠤᠨ ᠴᠢᠳᠠᠪᠤᠷᠢ ᠶᠢ ᠥᠷᠭᠡᠳᠬᠡᠨ ᠲᠡᠰ ᠳᠡᠪᠰᠢᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠢᠵᠢ ᠪᠦᠷᠢᠳᠦᠭᠦᠯᠦᠯᠲᠡ ᠶᠢ ᠲᠦᠷᠭᠡᠨ ᠲᠡᠭᠦᠯᠳᠡᠷᠵᠢᠭᠦᠯᠵᠦ ᠂ ᠬᠤᠭᠤᠰᠤᠨ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠪᠣᠯᠣᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠤᠨ ᠰᠠᠶᠢᠲᠤᠷ ᠬᠡᠷᠡᠭᠯᠡᠵᠦ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠪᠣᠯᠣᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠭᠤᠨ ᠳ᠋ᠦᠩᠰᠢᠭᠤᠷ ᠲᠡᠰ ᠤᠨ ᠬᠦᠷᠢᠶᠡᠯᠡᠩ ᠲᠣᠭᠤᠷᠢᠭ ᠲᠡᠰᠢ ᠲᠦᠷᠭᠡᠨ ᠤᠷᠤᠭᠰᠢᠯᠠᠬᠤ ᠬᠡᠷᠡᠭᠲᠡᠢ ᠭᠡᠵᠦ ᠱᠠᠭᠠᠷᠳᠠᠪᠠ᠃ ᠬᠠᠭᠤᠴᠢᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ᠂ ᠦᠨᠡᠲᠦ ᠲᠡᠮᠦᠷᠯᠢᠭ ᠡᠳ᠋ᠰᠢᠭᠦᠯᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠶᠢᠯᠢ ᠪᠠᠲᠤᠯᠠᠬᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠠᠩ ᠣᠯᠠᠨ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶᠢᠯᠠᠯ ᠢ ᠲᠠᠲᠠᠵᠤ ᠪᠠᠶᠢᠭᠠᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠪᠡᠯᠡ ᠣᠷᠣᠭᠤᠯᠤᠨ ᠦᠢᠯᠡᠰ ᠬᠥᠭᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠮᠠᠨ ᠤ ᠬᠤᠲᠠ ᠶᠢᠨ ᠭᠠᠳᠠᠭᠠᠳᠤ ᠨᠡᠭᠡᠭᠡᠯᠲᠡ ᠶᠢᠨ ᠬᠤᠰᠢᠭᠤᠴᠢ ᠣᠷᠣᠨ᠂ ᠡᠵᠡᠩᠨᠡᠯᠲᠡ ᠶᠢᠨ ᠣᠷᠴᠢᠨ ᠲᠣᠭᠤᠷᠢᠨ ᠤ ᠬᠠᠮᠤᠭ ᠤᠨ ᠰᠠᠶᠢᠨ ᠣᠷᠣᠨ᠂ ᠲᠣᠭᠲᠠᠴᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠠᠵᠢᠯ ᠢ ᠲᠦᠷᠭᠡᠨ ᠠᠬᠢᠭᠤᠯᠬᠤ ᠬᠡᠷᠡᠭᠲᠡᠢ ᠭᠡᠪᠡ᠃      ᠬᠥᠬᠡᠬᠤᠲᠠ ᠶᠢᠨ ᠪᠣᠭᠤᠮᠲᠠ ᠶᠢᠨ ᠳᠠᠷᠤᠭ᠎ᠠ ᠯᠢ ᠵᠢᠶᠠᠨ ᠸᠧᠢ᠂ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠸᠠᠩ ᠰᠢᠨ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ