︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ︾ ᠤᠨ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/10
      ᠨᠢᠭᠡ᠂ ᠲᠤᠭᠲᠠᠭᠠᠭᠰᠠᠨ ᠠᠬᠤᠢ ᠪᠠᠶᠢᠳᠠᠯ ᠵᠢᠴᠢ ᠠᠴᠢ ᠬᠤᠯᠪᠤᠭᠳᠠᠯ      2022 ᠣᠨ ᠤ 8 ᠳ᠋ᠤᠭᠠᠷ ᠰᠠᠷ᠎ᠠ ᠶᠢᠨ 4 ᠤ ᠡᠳᠦᠷ ᠬᠥᠬᠡᠬᠤᠲᠠ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠬᠤᠲᠠ ᠪᠠᠷ ᠵᠥᠪᠰᠢᠶᠡᠷᠡᠭᠳᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠨᠠᠮ ᠲᠠᠷᠬᠠᠭᠠᠭᠰᠠᠨ ﹇2022﹈ 36 ᠳ᠋ᠤᠭᠠᠷ ᠲᠣᠭᠠᠲᠤ︶ ᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ︽ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠲᠣᠭᠲᠠᠭᠠᠬᠤ ᠲᠤᠬᠠᠢ ᠮᠡᠳᠡᠭᠳᠡᠯ︾ ︵  ᠤᠯᠤᠰ ᠮᠡᠳᠡᠯᠭᠡ ᠲᠠᠷᠬᠠᠭᠠᠭᠰᠠᠨ ᠠᠵᠢᠯᠯᠠᠭᠤᠯᠬᠤ ᠥᠰᠥᠭ ﹇2022﹈ 33 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠡᠭᠦᠳᠦᠨ ᠪᠦᠲᠦᠭᠡᠬᠦ᠂ ᠥᠨᠳᠥᠷ ᠦᠷ᠎ᠡ ᠠᠰᠢᠭ ᠲᠠᠢ ᠬᠡᠷᠡᠭᠯᠡᠬᠦ᠂ ᠥᠨᠳᠥᠷ ᠪᠠᠷᠢᠮᠵᠢᠶ᠎ᠠ ᠪᠠᠷ ᠬᠠᠮᠠᠭᠠᠯᠠᠬᠤ᠂ ᠥᠨᠳᠥᠷ ᠬᠢᠷᠢ ᠲᠦᠪᠰᠢᠨ ᠲᠠᠢ ᠦᠢᠯᠡᠴᠢᠯᠡᠬᠦ ᠶᠢ ᠠᠬᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ  ᠲᠤᠯᠠᠭᠤᠷᠢᠯᠠᠬᠤ ᠶᠢᠨ ᠲᠦᠯᠦᠭᠡ᠂ ᠬᠥᠬᠡᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠬᠤᠶᠠᠷ᠂  ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠠ ᠲᠣᠬᠢᠶᠠᠯ ᠢ ᠢᠳᠡᠪᠬᠢᠲᠡᠢ ᠠᠳᠬᠤᠵᠤ᠂ ︽ᠠᠮᠢ ᠠᠬᠤᠢ ᠶᠢ  ᠤᠷᠢᠳᠠᠪᠡᠷ ᠪᠣᠳᠤᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ︾ ᠪᠠᠷ ᠤᠳᠤᠷᠢᠳᠤᠮᠵᠢ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠮᠠᠨ ᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ      ᠶᠠᠰᠤ ᠴᠢᠨᠠᠷ ᠢ ᠲᠡᠷᠢᠬᠦᠨ ᠢ ᠲᠠᠯᠪᠢᠬᠤ ᠶᠢ ᠪᠠᠷᠢᠮᠳᠠᠯᠠᠨ᠎ᠠ᠃ ᠬᠠᠮᠠᠭᠠᠯᠠᠯᠲᠠ ᠶᠢ ᠴᠢᠩᠭᠠᠳᠬᠠᠬᠤ ᠶᠢ ᠪᠠᠷᠢᠮᠳᠠᠯᠠᠨ᠃ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠨ᠎ᠠ᠃      ︵ᠭᠤᠷᠪᠠ︶ ᠬᠠᠷᠠᠯᠲᠠ ᠡᠭᠦᠷᠭᠡ      ᠣᠨ ᠪᠣᠯᠬᠤ ᠳᠤ᠂ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠡᠭᠦᠳᠦᠨ ᠪᠦᠳᠦᠭᠡᠯᠲᠡ ᠨᠡᠩ ᠢᠯᠡᠷᠬᠡᠢ᠂ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠨᠡᠩ ᠬᠦᠢᠴᠡᠳ᠂ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠨᠡᠩ ᠪᠦᠷᠢᠨ ᠪᠣᠯᠵᠤ᠂ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠢᠯᠡᠷᠬᠡᠢ ᠰᠢᠯᠢᠳᠡᠭᠵᠢᠵᠦ᠂ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠨᠡᠩ ᠲᠡᠭᠦᠯᠳᠡᠷᠵᠢᠨ᠎ᠡ᠃ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠠᠵᠤ ᠠᠬᠤᠢ ᠶᠢᠨ ᠬᠦᠭᠵᠢᠯᠲᠡ ᠶᠢ ᠲᠤᠯᠭᠠᠭᠤᠷᠢᠯᠠᠬᠤ ᠬᠦᠳᠦᠯᠦᠨ ᠳᠠᠭᠠᠭᠤᠯᠬᠤ ᠦᠢᠯᠡᠳᠦᠯ ᠢ ᠳᠡᠭᠡᠭᠰᠢᠯᠡᠭᠦᠯᠦᠨ᠂ ᠲᠥᠪ ᠬᠤᠲᠠ ᠶᠢᠨ ᠭᠤᠣᠯᠯᠠᠬᠤ ᠴᠢᠳᠠᠮᠵᠢ ᠪᠠ ᠪᠦᠲᠦᠭᠡᠯᠴᠢ ᠴᠢᠨᠠᠷᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠳᠤᠷ ᠦᠢᠯᠡᠴᠢᠯᠡᠨ᠎ᠡ᠃      2035 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠤᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠨᠠᠩ ᠰᠢᠨᠵᠢᠯᠡᠬᠦ ᠤᠬᠠᠭᠠᠨᠴᠢ ᠪᠣᠯᠭᠠᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠵᠦ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠶᠡᠭᠡ ᠪᠠᠷ ᠳᠡᠭᠡᠭᠰᠢᠯᠡᠭᠦᠯᠦᠨ᠂ ᠣᠷᠣᠨ ᠨᠤᠲᠤᠭ ᠤᠨ ᠣᠨᠴᠠᠯᠢᠭ ᠲᠠᠢ ᠪᠣᠬᠢᠷᠳᠤᠯ ᠦᠭᠡᠢ ᠬᠥᠭᠵᠢᠯᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠦᠨᠳᠦᠰᠦᠨ ᠳᠡᠭᠡᠨ ᠪᠠᠶᠢᠭᠤᠯᠤᠨ ᠪᠦᠲᠦᠭᠡᠨ᠎ᠡ᠃      ︱ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠴᠢᠨᠠᠷ ᠰᠠᠶᠢᠲᠠᠢ ᠲᠤᠯᠭᠠᠭᠤᠷᠢᠯᠠᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠤᠭᠲᠠᠴᠠ ᠶᠢ ᠪᠦᠷᠢᠨᠰᠢᠭᠦᠯᠦᠨ᠎ᠡ︔  ᠤᠯᠤᠰ ᠤᠨ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠭ᠊ ᠡᠷᠬᠡ ᠶᠢᠨ ᠬᠠᠮᠠᠭᠠᠯᠠᠯᠲᠠ ᠶᠢᠨ ᠲᠥᠪ ᠢ ᠪᠠᠶᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠢᠲᠡᠭᠡᠮᠵᠢ ᠶᠢᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠦᠷᠭᠡᠳᠬᠡᠨ ᠠᠬᠢᠭᠤᠯᠤᠨ᠎ᠠ᠃      ︱ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠨᠠᠩ ᠥᠨᠳᠥᠷ ᠲᠦᠪᠰᠢᠨ ᠢᠶᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠶᠢᠨ ᠬᠠᠮᠠᠭᠠᠯᠠᠯᠲᠠ ᠶᠢ ᠴᠢᠩᠭᠠᠳᠬᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ ᠴᠢᠩᠭᠠᠳᠬᠠᠨ᠎ᠠ︔ ᠵᠢᠭᠤᠷᠠᠯᠳᠤᠭᠠᠨ ᠢ ᠤᠯᠠᠨ ᠮᠠᠶ᠋ᠢᠭ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︱ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠣᠭᠲᠠᠴᠠ ᠶᠢ ᠰᠢᠯᠢᠳᠡᠭᠵᠢᠭᠦᠯᠵᠦ᠂ ᠨᠠᠩ ᠥᠨᠳᠥᠷ ᠦᠷ᠎ᠡ ᠠᠰᠢᠭ ᠲᠠᠢ ᠪᠠᠷ ᠰᠢᠨ᠎ᠡ ᠶᠢ ᠡᠭᠦᠳᠬᠦ ᠦᠷ᠎ᠡ ᠪᠦᠲᠦᠭᠡᠯ ᠤᠨ ᠥᠷᠲᠡᠭ ᠢ ᠪᠡᠶᠡᠯᠡᠭᠦᠯᠦᠨ᠎ᠡ     ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠴᠢᠩᠭᠠᠳᠬᠠᠨ᠎ᠠ︔ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶᠢᠵᠢᠭᠤᠯᠬᠤ ᠬᠦᠴᠦᠯᠡᠴᠡ ᠪᠠᠨ ᠨᠡᠮᠡᠭᠳᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ᠂ ᠰᠢᠯᠵᠢᠭᠦᠯᠵᠦ ᠤᠯᠠᠷᠢᠭᠤᠯᠬᠤ ᠶᠢ ᠴᠢᠩᠭᠠᠳᠬᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠠᠵᠢᠯ ᠤᠨ ᠬᠦᠴᠦᠯᠡᠴᠡ ᠶᠢ ᠨᠡᠮᠡᠭᠳᠡᠭᠦᠯᠦᠨ᠎ᠡ᠃      ︱ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠬᠡᠷᠡᠭᠴᠡᠭᠡ ᠶᠢ ᠨᠡᠩ ᠥᠨᠳᠥᠷ ᠪᠠᠷᠢᠮᠵᠢᠶ᠎ᠠ ᠪᠠᠷ ᠬᠠᠩᠭᠠᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ  ᠲᠣᠭᠤᠷᠢᠭ ᠢ ᠪᠠᠶᠢᠭᠤᠯᠤᠨ᠎ᠠ︔ ᠲᠠᠸᠠᠷ ᠤᠨ ᠲᠡᠮᠳᠡᠭ ᠳᠠᠩᠰᠠᠯᠠᠭᠤᠯᠬᠤ ᠶᠢ ᠳᠥᠭᠦᠮᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠭᠦᠨ ᠤ ᠲᠤᠭ᠎ᠠ ᠪᠠᠷᠢᠮᠲᠠ ᠶᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︱ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠢᠷᠭᠡᠨᠰᠢᠯ ᠤᠨ ᠣᠷᠴᠢᠨ ᠢ ᠪᠤᠢ ᠪᠣᠯᠭᠠᠵᠤ᠂ ᠴᠢᠳᠠᠪᠤᠷᠢᠲᠠᠨ ᠢ ᠬᠥᠮᠥᠵᠢᠭᠦᠯᠬᠦ ᠥᠨᠳᠦᠷᠯᠢᠭ ᠢ ᠨᠡᠩ ᠥᠨᠳᠥᠷ ᠶᠠᠰᠤ ᠴᠢᠨᠠᠷ ᠲᠠᠢ ᠴᠤᠭᠴᠠᠯᠠᠨ᠎ᠠ      ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠰᠣᠶᠣᠯ ᠤᠨ ᠤᠬᠠᠭᠤᠯᠭ᠎ᠠ ᠶᠢ ᠴᠢᠩᠭᠠᠳᠬᠠᠨ᠎ᠠ︔ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ᠃      ︱ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠡ ᠳᠤ ᠨᠡᠩ ᠦᠨᠳᠦᠷ ᠲᠡᠰ ᠢᠶᠠᠷ ᠬᠦᠴᠦᠨ ᠨᠡᠮᠡᠷᠢᠯᠡᠨ᠎ᠡ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠬᠠᠮᠳᠤᠷᠠᠯᠴᠠᠭ᠎ᠠ ᠶᠢᠨ ᠲᠤᠭᠲᠠᠴᠠ ᠶᠢ ᠪᠠᠶᠢᠭᠤᠯᠤᠨ᠎ᠠ︔ ︽ᠨᠢᠭᠡ ᠪᠦᠰᠡ ᠨᠢᠭᠡ ᠵᠠᠮ︾ ᠲᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠳᠤᠷᠠᠯᠴᠠᠭᠠᠨ ᠤ ᠤᠷᠳᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠪᠠᠶᠢᠭᠤᠯᠤᠨ᠎ᠠ᠃      ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ      ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠬᠤ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠭᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠥᠷᠨᠢᠬᠦᠯᠵᠦ ᠲᠤᠭᠲᠠᠭᠰᠠᠨ ᠴᠠᠭ ᠲᠠᠭᠠᠨ ᠪᠡᠶᠡᠯᠡᠭᠦᠯᠦᠨ᠎ᠡ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠬᠠᠷᠢᠯᠴᠠᠬᠤ ᠬᠥᠮᠥᠨ᠄ ᠳ᠋ᠢᠩ ᠰᠢᠶᠣᠣ ᠮᠢᠨ      ᠬᠠᠷᠢᠯᠴᠠᠬᠤ ᠬᠥᠮᠥᠨ ᠤ ᠤᠲᠠᠰᠤ᠄ 5699691 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ