ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ 1 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠮᠠᠨ ᠤ ᠬᠤᠲᠠ ᠠᠵᠤ ᠠᠬᠤᠶᠢᠯᠠᠯ ᠤᠨ ᠳᠠᠷᠤᠭᠠᠰᠤ ᠶᠢ 6379.29 ᠲᠦᠮᠡᠨ ᠲᠥᠭᠦᠷᠢᠭ ᠬᠥᠩᠭᠡᠷᠡᠭᠦᠯᠪᠡ
ᠨᠡᠶᠢᠲᠡᠯᠡᠭᠰᠡᠨ ᠴᠠᠭ᠄
2023/2/10
      ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠲᠦᠷᠦᠭᠦᠬᠡᠨ ᠣᠶᠢᠯᠠᠭᠠᠭᠰᠠᠨ  ᠢᠶᠠᠷ᠂ 1 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠬᠤᠶᠠᠷ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠪᠠᠭᠤᠷᠠᠭᠤᠯᠵᠤ 6379.29 ᠲᠦᠮᠡᠨ ᠲᠥᠭᠦᠷᠢᠭ ᠬᠥᠩᠭᠡᠷᠡᠭᠦᠯᠪᠡ᠃      2023 ᠣᠨ ᠳᠤ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠱᠠᠲᠤ ᠦᠶ᠎ᠡ ᠶᠢᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠳᠠᠲᠠᠢ ᠪᠠᠷ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠦᠨᠡᠨᠬᠦ ᠲᠤᠰᠠ ᠬᠦᠷᠭᠡᠪᠡ᠃      ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠨᠢᠭᠡᠴᠡ ᠶᠢᠨ ᠰᠦᠢᠳᠬᠡᠯ ᠤᠨ ᠨᠣᠷᠮ᠎ᠠ ᠶᠢ 1% ᠪᠣᠯᠭᠠᠨ ᠪᠠᠭᠤᠷᠠᠭᠤᠯᠵᠤ᠂ ᠬᠥᠮᠥᠨ ᠬᠡᠷᠡᠭᠯᠡᠬᠦ ᠨᠢᠭᠡᠴᠡ ᠪᠠ ᠠᠵᠢᠯᠲᠠᠨ ᠠᠵᠢᠯᠴᠢᠨ ᠬᠤᠪᠢ ᠬᠥᠮᠥᠨ ᠲᠣᠰ ᠲᠣᠰ 0.5% ᠪᠠᠷ ᠬᠡᠷᠡᠭᠵᠢᠭᠦᠯᠦᠨ᠎ᠡ︔ ᠠᠵᠢᠯ ᠠᠴᠠ ᠪᠣᠯᠤᠭᠰᠠᠨ ᠭᠡᠮᠲᠦᠯ ᠤᠨ ᠲᠦᠭᠰᠢᠭᠦᠷᠢ ᠶᠢᠨ ᠬᠤᠶᠠᠳᠤᠭᠠᠷ ᠲᠥᠷᠥᠯ ᠠᠴᠠ ᠨᠠᠢᠮᠠᠳᠤᠭᠠᠷ ᠲᠥᠷᠥᠯ ᠤᠨ ᠠᠵᠢᠯ ᠲᠥᠷᠥᠯ ᠤᠨ ᠨᠢᠭᠡᠴᠡ ︵ᠨᠢᠭᠡᠳᠦᠭᠡᠷ ᠲᠥᠷᠥᠯ ᠤᠨ ᠠᠵᠢᠯ ᠲᠥᠷᠥᠯ ᠤᠨ ᠨᠢᠭᠡᠴᠡ ᠶᠢ ᠭᠠᠷᠭᠠᠪᠠᠯ︶ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠦᠷᠭᠦᠯᠵᠢᠯᠡᠨ 2018 ᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶ᠎ᠡ ᠶᠢᠨ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨᠡᠬᠢ ᠵᠣᠬᠢᠴᠠᠬᠤ ᠰᠦᠢᠳᠬᠡᠯ ᠤᠨ ᠨᠣᠷᠮ᠎ᠠ ᠪᠠᠷ ᠰᠠᠭᠤᠷᠢ ᠪᠣᠯᠭᠠᠨ 50% ᠪᠠᠭᠤᠷᠠᠭᠤᠯᠤᠨ᠎ᠠ᠃ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠠᠪᠴᠠᠩ ᠤᠨ ᠳᠠᠪᠠᠭᠤᠯᠢᠭ ᠲᠤ ᠲᠦᠰᠢᠭᠯᠡᠨ᠂ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠭᠤᠶᠤᠴᠢᠯᠠᠨ ᠭᠦᠢᠴᠡᠳᠬᠡᠬᠦ ᠴᠢᠬᠤᠯᠠ ᠦᠭᠡᠢ᠂ ᠰᠢᠭᠤᠳ ᠲᠥᠷᠥ ᠶᠢᠨ ᠪᠣᠳᠣᠯᠭ᠎ᠠ ᠶᠢᠨ ᠠᠰᠢᠭ ᠢ ᠭᠥᠷᠳᠡᠨ᠎ᠡ᠃ ᠣᠳᠣᠬᠠᠨ ᠳᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠢᠶᠠᠷ ᠳᠠᠮᠵᠢᠭᠤᠯᠤᠨ ᠰᠦᠢᠳᠬᠡᠯ ᠤᠨ ᠨᠣᠷᠮ᠎ᠠ ᠶᠢ ᠪᠦᠬᠦᠨ ᠢ ᠲᠣᠬᠢᠷᠠᠭᠤᠯᠵᠤ ᠳᠠᠭᠤᠰᠬᠠᠭᠠᠳ᠂ ᠰᠢᠭᠤᠳ ᠬᠡᠷᠡᠭᠵᠢᠭᠦᠯᠪᠡᠯ ᠪᠣᠯᠴᠢᠬᠠᠨ᠎ᠠ᠃ 1 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠬᠤᠶᠠᠷ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠳᠠᠷᠤᠭᠠᠰᠤ ᠶᠢ 6379.29 ᠲᠦᠮᠡᠨ ᠲᠥᠭᠦᠷᠢᠭ ᠬᠥᠩᠭᠡᠷᠡᠭᠦᠯᠪᠡ᠂ ᠡᠭᠦᠨ ᠳᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶ᠎ᠡ ᠶᠢᠨ ᠴᠢᠨᠠᠷᠲᠠᠢ ᠪᠠᠷ ᠪᠠᠭᠤᠷᠠᠭᠤᠯᠵᠤ ᠬᠥᠮᠥᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ 5616.49 ᠲᠦᠮᠡᠨ ᠲᠥᠭᠦᠷᠢᠭ ᠬᠥᠩᠭᠡᠷᠡᠭᠦᠯᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶ᠎ᠡ ᠶᠢᠨ ᠴᠢᠨᠠᠷᠲᠠᠢ ᠪᠠᠷ ᠪᠠᠭᠤᠷᠠᠭᠤᠯᠵᠤ ᠬᠥᠮᠥᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ 762.8 ᠲᠦᠮᠡᠨ ᠲᠥᠭᠦᠷᠢᠭ ᠬᠥᠩᠭᠡᠷᠡᠭᠦᠯᠪᠡ᠃      ᠣᠶᠢᠯᠠᠭᠠᠭᠰᠠᠨ ᠢᠶᠠᠷ᠂ ᠲᠣᠰ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠬᠤᠭᠤᠴᠠᠭ᠎ᠠ ᠶᠢ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ