ᠳ᠋ᠠ ᠶᠣᠣ ᠶᠢᠨ ᠪᠠᠭᠤᠷᠢ᠄ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠥᠪᠥᠷ ᠮᠣᠩᠭᠤᠯ ᠤᠨ ᠬᠠᠮᠤᠭ ᠤᠨ ᠡᠷᠲᠡᠨ ᠤ ᠴᠢᠯᠠᠭᠤᠨ ᠵᠡᠪᠰᠡᠭ ᠦᠢᠯᠡᠳᠬᠦ ᠭᠠᠵᠠᠷ
ᠨᠡᠶᠢᠲᠡᠯᠡᠭᠰᠡᠨ ᠴᠠᠭ᠄
2023/2/10
      ᠳ᠋ᠠ ᠶᠣᠣ ᠶᠢᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠪᠣᠯ ᠮᠠᠨ ᠤ ᠤᠯᠤᠰ ᠤᠨ ᠬᠤᠪᠣᠷ ᠲᠣᠬᠢᠶᠠᠯᠳᠤᠬᠤ ᠶᠡᠭᠡ ᠬᠡᠪᠴᠢᠶᠡᠨ ᠤ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠴᠢᠯᠠᠭᠤᠨ ᠵᠡᠪᠰᠡᠭ ᠦᠢᠯᠡᠳᠬᠦ ᠭᠠᠵᠠᠷ ᠪᠣᠯᠣᠨ᠎ᠠ᠂ ᠲᠤᠰ ᠪᠠᠭᠤᠷᠢ ᠶᠢ 1973 ᠣᠨ ᠳᠤ ᠢᠯᠡᠷᠡᠭᠦᠯᠦᠭᠰᠡᠨ ᠶᠤᠮ᠂ 1988 ᠣᠨ ᠤ 1 ᠰᠠᠷ᠎ᠠ ᠳᠤ ᠭᠤᠷᠪᠠᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠪᠤᠯᠪᠠ᠃ ᠲᠤᠰ ᠪᠠᠭᠤᠷᠢ ᠶᠢ ᠢᠯᠡᠷᠡᠭᠦᠯᠦᠭᠰᠡᠨ ᠠᠴᠠ ᠨᠠᠭᠠᠰᠢ ᠣᠯᠠᠨ ᠤᠳᠠᠭ᠎ᠠ ᠮᠠᠯᠲᠠᠵᠤ ᠠᠭᠤᠳᠠᠯᠤᠭᠠᠳ᠂ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠡᠬᠢᠨ᠂ ᠳᠤᠮᠳᠠ᠂ ᠰᠡᠭᠦᠯᠴᠢ ᠶᠢᠨ ᠦᠶ᠎ᠡ ᠪᠠ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠤᠯᠠᠨ ᠪᠠᠭᠤᠷᠢ ᠪᠠ ᠦᠯᠡᠳᠡᠭᠳᠡᠯ ᠪᠤᠳᠠᠰ ᠢ ᠢᠯᠡᠷᠡᠭᠦᠯᠵᠦ᠂ ᠲᠡᠭᠦᠨ ᠤ ᠬᠠᠭᠤᠴᠢᠨ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠶᠢᠨ ᠰᠣᠶᠣᠯ ᠢ ︽ᠳ᠋ᠠ ᠶᠣᠣ ᠶᠢᠨ ᠰᠣᠶᠣᠯ︾ ᠭᠡᠵᠦ ᠨᠡᠷᠡᠢᠳᠪᠡ᠃ ᠲᠤᠰ ᠪᠠᠭᠤᠷᠢ ᠨᠢ ᠮᠠᠨ ᠤ ᠤᠯᠤᠰ ᠤᠨ ᠤᠮᠠᠷᠠᠲᠤ ᠣᠷᠣᠨ ᠤ ᠬᠥᠮᠦᠨ ᠲᠥᠷᠥᠯᠬᠢᠲᠡᠨ ᠤ ᠰᠣᠶᠣᠯ ᠤᠨ ᠡᠭᠦᠰᠦᠯ ᠬᠥᠭᠵᠢᠯᠲᠡ ᠶᠢ ᠰᠤᠳᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                ᠬᠤᠪᠣᠷ ᠲᠣᠬᠢᠶᠠᠯᠳᠤᠬᠤ ᠲᠣᠮᠣ ᠬᠡᠯᠪᠡᠷᠢ ᠶᠢᠨ ᠴᠢᠯᠠᠭᠤᠨ ᠵᠡᠪᠰᠡᠭ ᠦᠢᠯᠡᠳᠬᠦ ᠭᠠᠵᠠᠷ      ᠮᠠᠰᠢᠨ ᠲᠡᠷᠭᠡ  ᠪᠠᠷ ᠬᠥᠬᠡᠬᠤᠲᠠ ᠠᠴᠠ ᠵᠡᠭᠦᠨᠰᠢ 33 ᠺᠢᠯᠣᠮᠧᠲᠷ ᠶᠠᠪᠤᠪᠠᠯ ᠰᠢᠨ᠎ᠡ ᠬᠤᠳᠠ ᠲᠣᠭᠤᠷᠢᠭ ᠤᠨ ᠪᠣᠷᠣᠬᠤᠰᠢᠭᠤ ᠪᠠᠯᠭᠠᠰᠤᠨ ᠤ ᠳ᠋ᠠ ᠶᠣᠣ ᠲᠣᠰᠬᠤᠨ ᠳᠤ ᠬᠦᠷᠦᠨ᠎ᠡ᠃ ᠳ᠋ᠠ ᠶᠣᠣ ᠲᠣᠰᠬᠤᠨ ᠤ ᠵᠠᠬ᠎ᠠ ᠳᠤ ᠰᠡᠬᠦᠶᠢᠨ ᠰᠦᠨᠳᠡᠷᠯᠡᠵᠤ ᠪᠠᠶᠢᠭ᠎ᠠ ᠮᠤᠳᠤᠨ ᠰᠠᠯᠠᠭ᠎ᠠ ᠪᠠᠷ ᠰᠦᠯᠵᠢᠭᠰᠡᠨ ᠡᠭᠦᠳᠡ ᠪᠤᠯᠤᠨ ᠴᠢᠯᠠᠭᠤᠨ ᠵᠡᠪᠰᠡᠭ ᠤᠨ ᠳᠦᠷᠰᠦ ᠬᠥᠮᠦᠰ ᠲᠤ ᠭᠠᠯᠪᠠ ᠶᠢᠷᠲᠢᠨᠴᠦ ᠶᠢ ᠨᠡᠭᠡᠭᠡᠭᠰᠡᠨ ᠪᠠᠯᠠᠷ ᠡᠷᠲᠡᠨ ᠤ ᠦᠶ᠎ᠡ ᠶᠢ ᠰᠠᠨᠠᠭᠳᠠᠭᠤᠯᠤᠨ᠎ᠠ᠃      ᠳ᠋ᠠ ᠶᠣᠣ ᠲᠣᠰᠬᠤᠨ ᠳᠠᠯᠠᠨ ᠬᠠᠷ᠎ᠠ ᠠᠭᠤᠯᠠ ᠶᠢᠨ ᠡᠮᠦᠨᠡᠬᠢ ᠳᠣᠪᠣᠷᠬᠠᠭ ᠭᠠᠵᠠᠷ ᠲᠤ ᠪᠠᠶᠢᠷᠢᠰᠢᠵᠤ᠂ ᠲᠡᠯᠡᠶ ᠶᠢᠨ ᠲᠥᠪᠰᠢᠨ ᠠᠴᠠ 1420 ᠮᠧᠲᠷ ᠡᠷᠭᠦᠭᠳᠡᠨ᠂ ᠪᠠᠷᠤᠭ 2 ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠲᠠᠢ ᠪᠠᠶᠢᠳᠠᠭ᠂ ᠳ᠋ᠠ ᠶᠣᠣ ᠶᠢᠨ ᠪᠠᠭᠤᠷᠢ ᠳ᠋ᠠ ᠶᠣᠣ ᠲᠣᠰᠬᠤᠨ ᠤ ᠡᠮᠦᠨ᠎ᠡ ᠠᠭᠤᠯᠠᠨ ᠳᠡᠭᠡᠷ᠎ᠡ ᠪᠤᠢ᠃      ᠳ᠋ᠠ ᠶᠣᠣ ᠲᠣᠰᠬᠤᠨ ᠤ ᠡᠮᠦᠨ᠎ᠡ ᠠᠭᠤᠯᠠᠨ ᠳᠤ ᠭᠤᠤ ᠭᠠᠩᠭ᠎ᠠ ᠰᠦᠯᠵᠢᠯᠳᠦᠨ᠂ ᠥᠨᠳᠥᠷ ᠲᠤ ᠠᠪᠠᠷᠢᠨ ᠠᠯᠤᠰ ᠢ ᠪᠠᠷᠠᠯᠠᠬᠤᠶ᠎ᠠ ᠳ᠋ᠠ ᠶᠣᠣ ᠲᠣᠰᠬᠤᠨ  ᠬᠠᠷᠠᠭᠠᠨ ᠳᠤ ᠲᠣᠳᠣᠷᠠᠨ᠎ᠠ᠃ ᠠᠭᠤᠯᠠᠨ ᠪᠡᠯ ᠠᠴᠠ ᠳᠡᠭᠡᠭᠰᠢᠬᠢ ᠬᠡᠰᠡᠭ ᠲᠤ ᠬᠦᠷᠦᠰᠦ ᠰᠢᠷᠣᠢ ᠨᠢ ᠰᠡᠶᠢᠷᠡᠭ᠂ ᠪᠣᠷᠵᠢᠨ ᠴᠢᠯᠠᠭᠤᠯᠢᠭ ᠪᠠ ᠴᠠᠬᠢᠭᠤᠷ ᠴᠢᠯᠠᠭᠤ ᠲᠠᠷᠬᠠᠵᠤ ᠪᠠᠶᠢᠨ᠎ᠠ᠃ ᠡᠳᠡᠭᠡᠷ ᠴᠢᠯᠠᠭᠤ ᠶᠢᠨ ᠴᠢᠨᠠᠷ ᠨᠢ ᠬᠠᠲᠠᠭᠤ ᠪᠠᠬᠢ ᠪᠣᠯᠬᠤᠷ ᠴᠢᠯᠠᠭᠤᠨ ᠵᠡᠪᠰᠡᠭ ᠬᠢᠬᠦ ᠳᠤ ᠮᠠᠰᠢ ᠰᠠᠶᠢᠨ ᠮᠠᠲ᠋ᠧᠷᠢᠶᠠᠯ ᠪᠤᠯᠳᠠᠭ᠃ ᠠᠭᠤᠯᠠᠨ ᠪᠠᠯ ᠠᠴᠠ ᠳᠣᠷᠣᠭᠰᠢ ᠮᠠᠰᠢ ᠵᠤᠵᠠᠭᠠᠨ ᠰᠢᠷ᠎ᠠ ᠰᠢᠷᠣᠢ ᠲᠠᠢ᠂ ᠣᠷᠳᠣ ᠬᠤᠭᠤᠴᠠᠭ᠎ᠠ ᠪᠣᠷᠣᠭᠠᠨ ᠤ ᠤᠰᠤᠨ ᠳᠤ ᠤᠷᠤᠰᠤᠭᠳᠠᠭᠠᠳ ᠤᠯᠠᠨ ᠭᠤᠤ ᠭᠠᠷᠴᠤ᠂ ᠭᠠᠵᠠᠷ ᠳᠣᠣᠷ᠎ᠠ ᠪᠤᠯᠠᠭᠳᠠᠵᠤ ᠪᠠᠶᠢᠭᠰᠠᠨ ᠪᠠᠯᠠᠷ ᠡᠷᠲᠡᠨ ᠤ ᠴᠢᠯᠠᠭᠤᠨ ᠵᠡᠪᠰᠡᠭ ᠢᠯᠡ ᠭᠠᠷᠴᠤ ᠢᠷᠡᠵᠡᠢ᠃      ᠳ᠋ᠠ ᠶᠣᠣ ᠶᠢᠨ ᠪᠠᠭᠤᠷᠢ ᠶᠢᠨ ᠭᠤᠣᠯ ᠬᠡᠰᠡᠭ ᠤᠨ ᠪᠠᠭᠤᠷᠢ ᠳᠤ ᠡᠯ ᠳ᠋ᠤᠤ ᠭᠸᠤ᠂ ᠰᠾᠢ ᠳ᠋ᠤᠤ ᠭᠸᠤ ᠵᠡᠷᠭᠡ ᠮᠠᠰᠢ ᠤᠯᠠᠨ ᠬᠠᠭᠤᠴᠢᠨ ᠴᠢᠯᠠᠭᠤᠨ ᠵᠡᠪᠰᠡᠭ ᠤᠨ  ᠦᠶ᠎ᠡ ᠶᠢᠨ ᠪᠠᠭᠤᠷᠢ ᠪᠠᠭᠲᠠᠵᠤ᠂ ᠣᠨ ᠵᠢᠯ ᠨᠢ ᠬᠠᠮᠤᠭ ᠤᠨ ᠡᠷᠲᠡ ᠳᠡᠭᠡᠨ ᠣᠲᠣ ᠠᠴᠠ 50 ᠲᠦᠮᠡᠨ ᠵᠢᠯ ᠤᠨ ᠡᠮᠦᠨᠡᠬᠢ ᠬᠦᠷᠲᠡᠯ᠎ᠡ ᠮᠥᠷᠳᠡᠵᠦ ᠪᠣᠯᠣᠨ᠎ᠠ᠂ ᠡᠨᠡ ᠨᠢ ᠪᠡᠭᠡᠵᠢᠩ ᠤᠨ ᠵᠸᠦ ᠺᠸᠤ ᠳ᠋ᠢᠶᠠᠨ ᠤ ᠳᠤᠮᠳᠠᠳᠤ ᠤᠯᠤᠰ ᠤᠨ ᠬᠥᠮᠥᠨ ᠰᠠᠷᠮᠠᠭᠴᠢᠨ ᠤ ᠴᠠᠭ ᠦᠶ᠎ᠡ ᠲᠠᠢ ᠠᠳᠠᠯᠢ ᠪᠠᠶᠢᠳᠠᠭ᠃      ᠳ᠋ᠠ ᠶᠣᠣ ᠶᠢᠨ ᠪᠠᠭᠤᠷᠢ ᠳᠤ ᠴᠠᠬᠢᠭᠤᠷ ᠤᠨ ᠡᠬᠢ ᠪᠠᠶᠠᠯᠢᠭ ᠡᠯᠪᠡᠭ᠂ ᠪᠠᠭᠠᠵᠢ ᠬᠢᠬᠦ ᠳᠤ ᠨᠡᠯᠢᠶᠡᠳ ᠲᠣᠬᠢᠷᠠᠮᠵᠢᠲᠠᠶ ᠮᠠᠲ᠋ᠧᠷᠢᠶᠠᠯ ᠪᠣᠯᠣᠨ᠎ᠠ᠃ ᠡᠷᠲᠡᠨ ᠤ ᠬᠥᠮᠦᠨ ᠲᠥᠷᠥᠯᠬᠢᠲᠡᠨ ᠤᠷᠲᠤ ᠬᠤᠭᠤᠴᠠᠭ᠎ᠠ ᠠᠳᠡ ᠴᠢᠯᠠᠭᠤᠨ ᠮᠠᠲ᠋ᠧᠷᠢᠶᠠᠯ ᠴᠤᠭᠯᠠᠭᠤᠯᠵᠤ᠂ ᠴᠢᠯᠠᠭᠤᠨ ᠬᠠᠪᠲᠠᠰᠤ ᠪᠠ ᠴᠢᠯᠠᠭᠤᠨ ᠵᠡᠪᠰᠡᠭ ᠦᠢᠯᠡᠳᠦᠨ᠂ ᠣᠳᠣᠬᠠᠨ ᠤ ᠳᠤᠮᠳᠠᠳᠤ ᠤᠯᠤᠰ ᠤᠨ ᠴᠣᠷ ᠤᠨ ᠭᠠᠭᠴᠠ ᠨᠤᠲᠠᠯᠠᠵᠤ ᠪᠣᠯᠬᠤ ᠬᠠᠭᠤᠴᠢᠨ ᠴᠢᠯᠠᠭᠤᠨ ᠵᠡᠪᠰᠡᠭ ᠤᠨ ᠡᠬᠢᠨ ᠤ ᠦᠶ᠎ᠡ ᠶᠢᠨ ᠴᠢᠯᠠᠭᠤᠨ ᠵᠡᠪᠰᠡᠭ ᠦᠢᠯᠡᠳᠬᠦ ᠭᠠᠵᠠᠷ ᠪᠣᠯᠣᠨ᠎ᠠ᠃      ᠳ᠋ᠠ ᠶᠣᠣ ᠶᠢᠨ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠶᠢᠨ ᠬᠥᠰᠢᠶ᠎ᠡ ᠡᠪᠡᠰᠦ ᠮᠤᠳᠤᠨ ᠤ ᠳᠤᠮᠳᠠ ᠰᠦᠨᠳᠡᠷᠯᠡᠵᠦ᠂ ᠣᠲᠣ ᠪᠣᠯᠲᠠᠯ᠎ᠠ ᠮᠠᠨ ᠤ ᠤᠯᠤᠰ ᠤᠨᠢᠯᠡᠷᠡᠭᠦᠯᠦᠭᠰᠡᠨ ᠣᠨ ᠵᠢᠯ ᠨᠢ ᠬᠠᠮᠤᠭ ᠤᠨ ᠡᠷᠲᠡ᠂ ᠬᠡᠪᠴᠢᠶ᠎ᠡ ᠪᠠᠷ ᠬᠠᠮᠤᠭ ᠤᠨ ᠶᠡᠭᠡ ᠡᠷᠲᠡᠨ ᠤ ᠴᠢᠯᠠᠭᠤᠨ ᠵᠡᠪᠰᠡᠭ ᠦᠢᠯᠡᠳᠬᠦ ᠭᠠᠵᠠᠷ ᠤᠨ ᠲᠡᠦᠬᠡ ᠶᠢ ᠳᠡᠯᠡᠬᠡᠶ ᠶᠢᠨ ᠬᠥᠮᠦᠰ  ᠲᠤ ᠬᠦᠦᠷᠨᠢᠨ᠎ᠡ᠃      ᠲᠡᠬᠦᠨ ᠠᠴᠠ ᠳᠡᠮᠡᠶ ᠬᠤᠯᠠ ᠥᠬᠡᠶ ᠰᠾᠢ ᠳ᠋ᠤᠤ ᠭᠸᠤ ᠶᠢᠨ ᠪᠠᠷᠠᠭᠤᠨ ᠲᠠᠯ᠎ᠠ ᠳᠤ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯᠲᠡᠨ 16 ᠮᠧᠲᠷ ᠥᠨᠳᠥᠷ ᠭᠠᠵᠠᠷ ᠤᠨ ᠳᠠᠪᠬᠤᠷᠭ᠎ᠠ ᠶᠢᠨ ᠣᠭᠲᠣᠯᠣᠭᠠᠰᠤ ᠶᠢ ᠮᠠᠯᠲᠠᠨ ᠭᠠᠷᠭᠠᠵᠤ᠂ ᠣᠭᠲᠣᠯᠣᠭᠠᠰᠤ ᠶᠢᠨ ᠬᠥᠷᠥᠰᠥᠨ ᠤ ᠲᠡᠰ ᠳᠠᠪᠬᠤᠷᠭ᠎ᠠ ᠨᠢ ᠮᠠᠰᠢ ᠲᠣᠳᠣᠷᠬᠠᠶ᠂ ᠬᠡᠳᠦᠶᠢᠪᠡᠷ ᠥᠰᠥᠭ ᠥᠬᠡᠶ ᠪᠣᠯᠪᠠᠴᠤ ᠳ᠋ᠠ ᠶᠣᠣ ᠶᠢᠨ ᠰᠣᠶᠣᠯ ᠤᠨ ᠲᠡᠦᠬᠡᠨ ᠣᠨ ᠵᠢᠯ ᠢ ᠲᠣᠳᠣᠷᠬᠠᠶ ᠲᠡᠮᠳᠡᠭᠯᠡᠵᠦ ᠪᠠᠶᠢᠨ᠎ᠠ᠂ ᠲᠤᠬᠠᠶᠢᠯᠠᠪᠠᠯ ᠬᠥᠮᠦᠨ ᠲᠥᠷᠥᠯᠬᠢᠲᠡᠨ ᠤ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠡᠬᠢᠨ ᠤ ᠦᠶ᠎ᠡ ᠠᠴᠠ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠬᠦᠷᠲᠡᠯ᠎ᠡ᠂ 50 ᠲᠦᠮᠡᠨ ᠵᠢᠯ ᠠᠴᠠ 1 ᠲᠦᠮᠡᠨ ᠵᠢᠯ ᠤᠨ ᠡᠮᠦᠨᠡᠬᠢ ᠣᠷᠳᠣ ᠤᠳᠠᠭᠠᠨ ᠲᠡᠦᠬᠡᠨ ᠬᠤᠭᠤᠴᠠᠭ᠎ᠠ ᠪᠠ ᠳᠡᠯᠡᠬᠡᠶ ᠶᠢᠨ ᠪᠥᠮᠪᠥᠷᠴᠡᠭ ᠤᠨ ᠬᠤᠪᠢᠷᠠᠯᠲᠠ ᠶᠢ ᠬᠠᠷᠠᠭᠤᠯᠵᠤ ᠪᠠᠶᠢᠨ᠎ᠠ᠃      32 ᠵᠢᠯ ᠬᠠᠭᠤᠴᠢ ᠰᠤᠳᠤᠯᠤᠯ ᠤᠨ ᠠᠵᠢᠯ ᠳᠤ ᠵᠢᠳᠭᠦᠨ᠂ ᠳ᠋ᠠ ᠶᠣᠣ ᠶᠢᠨ ᠪᠠᠭᠤᠷᠢ ᠶᠢᠨ ᠰᠤᠳᠤᠯᠭᠠᠨ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠤᠨ ᠰᠣᠳᠣᠯᠠᠭᠴᠢ ᠸᠠᠩ ᠶᠢᠩ ᠬᠤᠸᠠ ᠶᠢᠨ ᠰᠤᠷᠪᠤᠯᠵᠢᠯᠠᠭᠴᠢ ᠳᠤ᠂ ᠬᠠᠭᠤᠴᠢᠨ ᠴᠢᠯᠠᠭᠤᠨ ᠵᠡᠪᠰᠡᠭ ᠤᠨ ᠦᠶ᠎ᠡ ᠳᠤ ᠦᠢᠯᠡᠳᠪᠦᠷᠢᠯᠡᠯ ᠤᠨ ᠬᠦᠴᠦᠨ ᠳᠣᠣᠷ᠎ᠠ ᠪᠠᠶᠢᠭᠰᠠᠨ ᠪᠣᠯᠬᠤᠷ ᠡᠷᠲᠡᠨ ᠤ ᠬᠥᠮᠦᠨ ᠲᠥᠷᠥᠯᠬᠢᠲᠡᠨ ᠤ ᠠᠵᠢᠯᠯᠠᠭᠠ ᠪᠠᠢᠭᠠᠯᠢ ᠶᠢᠨ ᠣᠷᠴᠢᠨ ᠲᠣᠭᠤᠷᠢᠨ ᠳᠤ ᠲᠤᠶᠢᠯ ᠢᠶᠠᠷ ᠬᠢᠵᠠᠭᠠᠷᠯᠠᠭᠳᠠᠵᠤ ᠪᠠᠶᠢᠪᠠ᠂ ᠡᠶᠢᠮᠦ ᠠᠴᠠ ᠰᠢᠷ᠎ᠠ ᠬᠥᠷᠥᠰᠥᠲᠦ ᠭᠠᠵᠠᠷ ᠤᠨ ᠳᠠᠪᠬᠤᠷᠭ᠎ᠠ ᠶᠢᠨ ᠰᠤᠳᠤᠯᠭᠠᠨ ᠨᠢ ᠬᠠᠭᠤᠴᠢᠨ ᠴᠢᠯᠠᠭᠤᠨ ᠵᠡᠪᠰᠡᠭ ᠤᠨ ᠪᠠᠭᠤᠷᠢ ᠶᠢᠨ ᠣᠨ ᠵᠢᠯ ᠪᠣᠯᠤᠨ ᠣᠷᠴᠢᠨ ᠲᠣᠭᠤᠷᠢᠨ ᠤ ᠠᠬᠤᠶ ᠪᠠᠶᠢᠳᠠᠯ ᠤᠨ ᠰᠤᠳᠤᠯᠭᠠᠨ ᠳᠤ ᠦᠨ᠎ᠡ ᠥᠷᠲᠡᠭ ᠲᠠᠢ ᠯᠠᠪᠯᠠᠯᠲᠠ ᠬᠠᠩᠭᠠᠭᠰᠠᠨ ᠭᠡᠵᠤ ᠲᠠᠨᠢᠯᠴᠠᠭᠤᠯᠪᠠ᠃      ︽ᠳ᠋ᠠ ᠶᠣᠣ ᠶᠢᠨ ᠴᠢᠯᠠᠭᠤᠨ ᠵᠡᠪᠰᠡᠭ ᠦᠢᠯᠡᠳᠬᠦ ᠭᠠᠵᠠᠷ ᠢ ᠢᠯᠡᠷᠡᠭᠦᠯᠦᠭᠰᠡᠨ ᠨᠢ ᠪᠠᠯᠠᠷ ᠡᠷᠲᠡᠨ ᠤ ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠶ ᠳᠤ ᠴᠢᠯᠠᠭᠤᠨ ᠵᠡᠪᠰᠡᠭ ᠬᠢᠬᠦ᠂ ᠠᠩ ᠠᠩᠨᠠᠬᠤ᠂ ᠲᠡᠭᠦᠵᠦ ᠴᠤᠭᠯᠠᠭᠤᠯᠬᠤ ᠳᠤ ᠲᠦᠰᠢᠭᠯᠡᠨ ᠠᠮᠢᠳᠤᠷᠠᠳᠠᠭ ᠨᠢᠭᠡ ᠪᠦᠯᠦᠭ ᠡᠷᠲᠡᠨ ᠤ ᠬᠥᠮᠦᠨ ᠲᠥᠷᠥᠯᠬᠢᠲᠡᠨ ᠤᠷᠤᠰᠢᠨ ᠲᠤᠭᠲᠠᠨᠢᠵᠤ ᠪᠠᠶᠢᠭᠰᠠᠨ ᠢ ᠬᠠᠷᠠᠭᠤᠯᠵᠤ ᠪᠣᠶ᠃ ᠡᠨᠡ ᠭᠠᠵᠠᠷ ᠪᠣᠯ ᠲᠤᠶᠢᠯ ᠤᠨ ᠪᠠᠶᠠᠯᠢᠭ ᠪᠠᠯᠠᠷ ᠡᠷᠲᠡᠨ ᠤ ᠰᠣᠶᠣᠯ ᠤᠨ ᠪᠠᠭᠤᠷᠢ ᠪᠣᠯᠣᠨ᠎ᠠ᠂ ᠡᠭᠦᠨ ᠳᠤ ᠳᠥᠷᠪᠡᠨ ᠦᠶ᠎ᠡ ᠪᠠᠭᠲᠠᠨ᠎ᠠ᠂ ᠳᠠᠷᠤᠶ ᠬᠠᠭᠤᠴᠢᠨ ᠴᠢᠯᠠᠭᠤᠨ ᠵᠡᠪᠰᠡᠭ ᠤᠨ ᠡᠬᠢᠨ ᠤ ᠦᠶ᠎ᠡ᠂ ᠳᠤᠮᠳᠠᠴᠢ ᠦᠶ᠎ᠡ᠂ ᠰᠡᠭᠦᠯᠴᠢ ᠶᠢᠨ ᠦᠶ᠎ᠡ ᠪᠠ ᠰᠢᠨ᠎ᠡ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠪᠣᠯᠣᠨ᠎ᠠ ᠭᠡᠳᠡᠭ ᠢ ᠮᠠᠯᠲᠠᠵᠤ ᠭᠠᠷᠭᠠᠭᠰᠠᠨ ᠦᠯᠡᠳᠡᠭᠳᠡᠯ ᠪᠤᠳᠠᠰ ᠭᠡᠷᠡᠴᠢᠯᠡᠵᠦ ᠪᠠᠶᠢᠨ᠎ᠠ᠃ ᠨᠢᠭᠡ ᠯᠡ ᠭᠠᠵᠠᠷ ᠤᠨ ᠳᠠᠪᠬᠤᠷᠭ᠎ᠠ ᠳᠤ ᠳᠥᠷᠪᠡᠨ ᠲᠡᠦᠬᠡᠨ ᠴᠠᠭ ᠦᠶ᠎ᠡ ᠶᠢᠨ ᠰᠣᠶᠣᠯ ᠬᠠᠳᠠᠭᠠᠯᠠᠭᠳᠠᠵᠤ ᠪᠠᠶᠢᠬᠤ ᠨᠢ ᠤᠯᠤᠰ ᠤᠨ ᠳᠣᠲᠣᠭᠠᠳᠤ ᠭᠠᠳᠠᠭᠠᠳᠤ ᠳᠤ ᠮᠠᠰᠢ ᠬᠤᠪᠣᠷ ᠲᠣᠬᠢᠶᠠᠯᠳᠤᠨ᠎ᠠ︾ ᠭᠡᠵᠦ ᠸᠠᠩ ᠶᠢᠩ ᠬᠤᠸᠠ ᠬᠡᠯᠡᠵᠦ ᠪᠠᠶᠢᠯ᠎ᠠ᠃      ︽ᠳ᠋ᠠ ᠶᠣᠣ ᠶᠢᠨ ᠪᠠᠭᠤᠷᠢ ᠰᠢᠨᠵᠢᠯᠡᠬᠦ ᠤᠬᠠᠭᠠᠨᠴᠢ ᠢᠲᠡᠭᠡᠭᠦᠰᠢᠲᠡᠢ ᠭᠠᠵᠠᠷ ᠤᠨ ᠳᠠᠪᠬᠤᠷᠭ᠎ᠠ ᠶᠢᠨ ᠬᠠᠷᠢᠴᠠᠭ᠎ᠠ ᠪᠠ ᠦᠯᠡᠮᠵᠢ ᠤᠯᠠᠨ ᠦᠯᠡᠳᠡᠭᠳᠡᠯ ᠡᠳ᠋ ᠨᠢ ᠳᠤᠮᠳᠠᠳᠤ ᠶᠢᠨ ᠦᠨᠳᠦᠰᠦᠲᠡᠨ ᠤ ᠡᠭᠦᠰᠦᠯ ᠤᠨ ᠲᠤᠬᠠᠶ ᠥᠷᠥᠨᠡᠳᠠᠬᠢᠨ ᠤ ᠲᠠᠩ ᠴᠤᠯᠭᠤᠶ ᠣᠨᠣᠯ ᠪᠠ ᠭᠠᠳᠠᠨ᠎ᠠ ᠠᠴᠠ ᠢᠷᠡᠭᠰᠡᠨ ᠭᠡᠳᠡᠭ ᠴᠠᠯᠴᠢᠶ᠎ᠠ ᠶᠢ ᠬᠦᠴᠦᠲᠡᠶ ᠨᠢᠴᠤᠭᠠᠵᠤ᠂ ᠬᠠᠭᠤᠴᠢ ᠰᠤᠳᠤᠯᠤᠯ ᠤᠨ ᠮᠠᠯᠲᠠᠵᠤ ᠭᠠᠷᠭᠠᠭᠰᠠᠨ ᠪᠣᠳᠠᠲᠤ ᠮᠠᠲ᠋ᠧᠷᠢᠶᠠᠯ ᠨᠢ ᠥᠪᠥᠷ ᠮᠣᠩᠭᠤᠯ ᠪᠣᠯ ᠡᠷᠲᠡᠨ ᠠᠴᠠ ᠠᠪᠤᠭᠠᠳ ᠬᠥᠮᠦᠨ ᠲᠥᠷᠥᠯᠬᠢᠲᠡᠨ ᠤ ᠤᠷᠤᠰᠢᠨ ᠲᠤᠭᠲᠠᠨᠢᠵᠤ ᠪᠠᠶᠢᠭᠰᠠᠨ ᠭᠠᠵᠠᠷ ᠭᠡᠳᠡᠭ ᠢ ᠭᠡᠷᠡᠴᠢᠯᠡᠭᠰᠡᠨ ᠪᠥᠭᠡᠳ ᠠᠯᠢ ᠡᠷᠲᠡ ᠠᠴᠠ ᠵᠸᠦ ᠺᠸᠤ ᠳ᠋ᠢᠶᠠᠨ ᠤ ᠬᠥᠮᠦᠰ ᠲᠠᠢ ᠬᠠᠮᠲᠤ ᠳᠤᠮᠳᠠᠳᠤ ᠶᠢᠨ ᠪᠣᠯᠪᠠᠰᠤᠨ ᠤ ᠡᠭᠦᠰᠦᠯ ᠳᠤ ᠰᠠᠭᠤᠷᠢ ᠶᠢ ᠲᠠᠯᠪᠢᠵᠠᠢ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ ᠳᠠᠷᠤᠭ᠎ᠠ ᠰᠦᠨ ᠶᠢᠨ ᠰᠦᠩ ᠬᠡᠯᠡᠪᠡ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ