ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠤᠷᠳᠤᠨ
ᠨᠡᠶᠢᠲᠡᠯᠡᠭᠰᠡᠨ ᠴᠠᠭ᠄
2023/2/13
      ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠤᠷᠳᠤᠨ ᠢ 2008 ᠣᠨ ᠳᠤ ᠪᠠᠶᠢᠭᠤᠯᠵᠤ᠂ 1600 ᠲᠡᠭᠰᠢ ᠲᠦᠷᠪᠡᠯᠵᠢᠨ ᠮᠧᠲᠷ ᠲᠠᠯᠠᠪᠠᠢ ᠲᠠᠢ᠃       ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠤᠷᠳᠤᠨ ᠳᠤ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠡᠭᠦᠰᠴᠦ ᠪᠦᠷᠢᠯᠳᠦᠭᠰᠡᠨ ᠲᠡᠦᠭᠡᠨ ᠠᠬᠤᠢ ᠪᠠᠶᠢᠳᠠᠯ᠂ ᠨᠠᠢᠮᠠᠳᠤᠭᠠᠷ ᠵᠠᠮ ᠤᠨ ᠴᠡᠷᠢᠭ ᠲᠠᠯᠠᠨ ᠬᠠᠷ᠎ᠠ ᠠᠭᠤᠯᠠᠨ ᠳᠤ ᠤᠷᠤᠭᠰᠠᠨ᠂ ᠮᠣᠨᠢ ᠠᠭᠤᠯᠨ ᠪᠠᠷ ᠲᠤᠭᠤᠷᠢᠵᠤ ᠪᠠᠶᠢᠯᠳᠤᠭᠰᠠᠨ ᠨᠢ᠂ ᠲᠠᠯᠠᠨ ᠬᠠᠷ᠎ᠠ ᠠᠭᠤᠯᠠ ᠶᠢᠨ ᠶᠠᠯᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ᠂ ᠲᠠᠯᠠᠨ ᠬᠠᠷ᠎ᠠ ᠠᠭᠤᠯᠠ ᠶᠢᠨ ᠲᠦᠳᠡᠭ ᠭᠠᠯ᠂ ᠶᠠᠫᠤᠨ ᠢ ᠡᠰᠡᠷᠭᠦᠴᠡᠭᠡᠳ ᠢᠯᠠᠯᠲᠠ ᠤᠯᠤᠭᠰᠠᠨ ᠵᠡᠷᠭᠡ  ᠵᠢᠷᠭᠤᠭᠠᠨ ᠦᠵᠡᠭᠦᠯᠭᠡ ᠶᠢᠨ ᠲᠤᠭᠤᠷᠢᠭ ᠲᠣᠬᠢᠷᠠᠭᠤᠯᠵᠠᠢ᠃ ᠦᠵᠡᠭᠦᠯᠭᠡ ᠶᠢᠨ ᠤᠷᠳᠤᠨ ᠲᠤᠳᠤᠷ᠎ᠠ ᠲᠠᠯᠠᠨ ᠬᠠᠷ᠎ᠠ ᠠᠭᠤᠯᠠ ᠶᠢᠨ ᠫᠠᠷᠲ᠋ᠢᠽᠠᠨ ᠤ ᠰᠠᠭᠤᠷᠢᠨ ᠭᠠᠵᠠᠷ ᠤᠨ ᠨᠠᠮ᠂ ᠵᠠᠰᠠᠭ᠂ ᠴᠡᠷᠢᠭ ᠤᠨ ᠠᠯᠪᠠᠨ ᠤ ᠭᠠᠵᠠᠷ ᠢ ᠦᠵᠡᠭᠦᠯᠵᠦ  ᠪᠠᠶᠢᠬᠤ ᠪᠠᠷ ᠪᠠᠷᠠᠬᠤ ᠦᠭᠡᠢ ᠨᠠᠢᠮᠠᠳᠤᠭᠠᠷ ᠵᠠᠮ ᠤᠨ ᠴᠡᠷᠢᠭ ᠤᠨ ᠭᠡᠷᠡᠭᠯᠡᠵᠦ ᠦᠩᠭᠡᠷᠡᠭᠰᠡᠨ  ᠷᠠᠳᠢᠤ᠋᠂ ᠪᠠᠶᠢᠯᠳᠤᠭᠠᠨ ᠤ ᠬᠢᠳᠤᠭ᠎ᠠ᠂ ᠭᠠᠷᠨᠠᠳᠠ᠂ ᠭᠠᠯ ᠤᠨ ᠭᠠᠳᠤᠷ᠎ᠠ᠂ ᠪᠤᠳᠠᠭᠠᠨ ᠤ ᠤᠭᠤᠳᠠ᠂ ᠬᠡᠲᠡ ᠵᠡᠷᠭᠡ ᠪᠤᠳᠠᠰ ᠢ ᠲᠡᠯᠭᠡᠵᠦ᠂ ᠰᠠᠭᠤᠷᠢᠨ ᠭᠠᠵᠠᠷ ᠤᠨ ᠶᠠᠫᠤᠨ ᠢ ᠡᠰᠡᠷᠭᠦᠴᠡᠬᠦ ᠴᠡᠷᠢᠭ ᠤᠨ ᠲᠦᠢᠯ ᠤᠨ ᠪᠡᠷᠭᠡ ᠬᠠᠳᠠᠭᠤᠵᠢᠯᠳᠠᠢ ᠲᠡᠦᠭᠡᠨ ᠦᠩᠭᠡᠷᠡᠭᠡᠯᠲᠡ ᠶᠢ ᠬᠠᠷᠠᠭᠤᠯᠪᠠ᠃       ᠦᠵᠡᠭᠦᠯᠭᠡ ᠶᠢᠨ ᠤᠷᠳᠤᠨ ᠨᠢ ᠪᠦᠬᠦ ᠤᠯᠤᠰ ᠪᠠ ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠬᠦ ᠲᠠᠶᠢᠨ ᠤ ᠶᠡᠭᠡ ᠲᠡᠦᠭᠡᠨ ᠤᠷᠴᠢᠨ ᠳᠤ ᠲᠤᠬᠠᠢ ᠶᠢᠨ ᠵᠢᠯ ᠤᠨ ᠰᠦᠢ ᠶᠤᠸᠠᠨ ᠮᠤᠩᠭᠤᠯ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠦᠵᠡᠭᠳᠡᠯ ᠪᠠᠶᠢᠳᠠᠯ ᠢ ᠲᠠᠬᠢᠨᠳᠠ ᠢᠯᠡᠷᠡᠭᠦᠯᠵᠦ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ  ᠡᠭᠦᠰᠦᠯ᠂ ᠬᠦᠭᠵᠢᠯ ᠂ ᠲᠡᠮᠡᠴᠡᠯ ᠪᠠ ᠢᠯᠠᠯᠲᠠ ᠶᠢᠨ ᠲᠦᠷᠪᠡᠨ ᠱᠠᠳᠤ ᠦᠶ᠎ᠡ ᠶᠢ ᠬᠠᠷᠠᠭᠤᠯᠵᠤ᠂ ᠲᠠᠯᠠᠨ ᠬᠠᠷ᠎ᠠ ᠠᠭᠤᠯᠠ ᠶᠢᠨ  ᠶᠠᠫᠤᠨ ᠢ ᠡᠰᠡᠷᠭᠦᠴᠡᠬᠦ ᠲᠡᠮᠡᠴᠡᠯ ᠤᠨ ᠦᠨᠳᠦᠰᠦᠳᠡᠨ ᠤ ᠤᠨᠴᠠᠯᠢᠭ ᠪᠠ ᠭᠠᠵᠠᠷ ᠤᠷᠤᠨ ᠤ ᠤᠨᠴᠠᠯᠢᠭ ᠢ ᠬᠦᠢᠴᠡᠳ ᠲᠤᠰᠬᠠᠵᠠᠢ᠃      ᠲᠤᠰ ᠦᠵᠡᠭᠦᠯᠭᠡ ᠶᠢᠨ ᠤᠷᠳᠤᠨ ᠪᠣᠯ ᠲᠦᠷᠪᠡᠳᠡᠬᠢ ᠪᠦᠯᠦᠭ ᠪᠦᠬᠦ ᠤᠯᠤᠰ ᠤᠨ ᠡᠬᠡ ᠤᠷᠤᠨᠴᠢ ᠦᠵᠡᠯ ᠤᠨ ᠬᠦᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠮᠦᠨᠴᠦ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠰ ᠤᠨ ᠭᠤᠤᠯᠳᠠᠯᠭ᠎ᠠ ᠲᠠᠢ ᠲᠡᠦᠭᠡᠨ ᠲᠤᠷᠠᠰᠬᠠᠯᠳᠤ ᠪᠤᠳᠠᠰ ᠤᠨ ᠬᠠᠮᠠᠭᠠᠯᠠᠯᠲᠠ ᠶᠢᠨ ᠨᠢᠭᠡᠴᠡ ᠪᠤᠯᠤᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ