ᠤᠯᠠᠭᠠᠨᠬᠦᠦ ᠶᠢᠨ ᠬᠠᠭᠤᠴᠢᠨ ᠰᠠᠭᠤᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠬᠡᠬᠤᠲᠠ ᠶᠢᠨ ᠲᠦᠮᠡᠳ ᠵᠡᠭᠦᠨ ᠬᠤᠰᠢᠭᠤᠨ ᠤ | ᠲᠠᠪᠤᠨᠰᠠᠶᠢᠨ ᠲᠤᠰᠬᠤᠨ ᠳᠤ ᠪᠤᠢ᠂ ᠮᠠᠨ ᠤ ᠤᠯᠤᠰ ᠤᠨ ᠤᠮᠠᠷᠠᠲᠤ ᠤᠷᠤᠨ ᠤ ᠦᠪᠡᠷᠮᠢᠴᠡ ᠤᠨᠴᠠᠯᠢᠭ ᠪᠦᠬᠦᠢ ᠲᠠᠷᠢᠶᠠᠴᠢᠨ ᠠᠶᠢᠯ ᠤᠨ ᠪᠠᠷᠢᠯᠭ᠎ᠠ ᠶᠢᠨ ᠬᠡᠪ | ᠨᠠᠮᠪᠠ ᠲᠠᠢ᠃ | ᠤᠯᠠᠭᠠᠨᠬᠦᠦ ᠶᠢᠨ ᠬᠠᠭᠤᠴᠢᠨ ᠰᠠᠭᠤᠴᠠ ᠨᠢ ᠤᠯᠠᠭᠠᠨᠬᠦᠦ ᠨᠦᠬᠦᠷ ᠤᠨ ᠦᠰᠴᠦ ᠲᠦᠷᠦᠭᠰᠡᠨ ᠪᠠ ᠡᠷᠲᠡ ᠦᠶ᠎ᠡ ᠳᠤ ᠬᠤᠪᠢᠰᠬᠠᠯ ᠤᠨ | ᠠᠵᠢᠯᠯᠠᠭ᠎ᠠ ᠳᠤ ᠤᠷᠤᠯᠴᠠᠭᠰᠠᠨ ᠭᠠᠵᠠᠷ ᠪᠣᠯᠤᠨ᠎ᠠ᠃1941 ᠣᠨ ᠳᠤ ᠬᠠᠭᠤᠴᠢᠨ ᠰᠠᠭᠤᠴᠠ ᠶᠢᠨ ᠬᠡᠰᠡᠭ ᠪᠠᠶᠢᠰᠢᠩ ᠨᠢ ᠶᠠᠫᠤᠨ ᠲᠡᠭᠡᠷᠡᠮ ᠤᠨ | ᠲᠠᠯᠬᠢᠭᠳᠠᠯ ᠳᠤ ᠤᠴᠠᠷᠠᠵᠤ᠂ ᠵᠦᠪᠬᠡᠨ ᠭᠤᠷᠪᠠᠭ᠋ᠠᠨ ᠳᠠᠰᠤᠯᠭ᠎ᠠ ᠭᠤᠣᠯ ᠭᠡᠷ ᠦᠯᠡᠳᠡᠵᠡᠢ᠃1987 ᠣᠨ ᠳᠤ ᠲᠦᠮᠡᠳ ᠵᠡᠭᠦᠨ ᠬᠤᠰᠢᠭᠤᠨ ᠤ ᠵᠠᠰᠠᠭ ᠤᠨ | ᠤᠷᠳᠤᠨ ᠠᠴᠠ ᠵᠠᠰᠠᠨ ᠰᠡᠷᠭᠦᠭᠡᠪᠡ᠃1991 ᠣᠨ ᠳᠤ ᠲᠠᠬᠢᠨᠲᠠ ᠵᠠᠰᠠᠨ ᠰᠠᠶᠢᠵᠢᠷᠠᠭᠤᠯᠤᠭᠠᠳ ᠭᠠᠳᠠᠭᠰᠢ ᠨᠡᠭᠡᠭᠡᠵᠡᠢ᠃ ᠤᠯᠠᠭᠠᠨᠬᠦᠦ ᠶᠢᠨ ᠬᠠᠭᠤᠴᠢᠨ | ᠰᠠᠭᠤᠴᠠ ᠶᠢᠨ ᠡᠵᠡᠯᠡᠬᠦ ᠭᠠᠵᠠᠷ ᠤᠨ ᠲᠠᠯᠠᠪᠠᠢ ᠨᠢ 2.39 ᠮᠦ ᠬᠦᠷᠴᠦ ᠪᠤᠢ᠃ ᠡᠭᠦᠨ ᠳᠤ ᠭᠤᠣᠯ ᠭᠡᠷ᠂ ᠵᠡᠭᠦᠨ ᠪᠠᠷᠠᠭᠤᠨ ᠵᠢᠭᠦᠷ ᠤᠨ ᠭᠡᠷ᠂ ᠢᠩ ᠤᠨ | ᠭᠡᠷ᠂ ᠲᠡᠭᠡᠷᠮ᠎ᠡ ᠶᠢᠨ ᠭᠡᠷ᠂ ᠠᠮᠤ ᠪᠤᠳᠠᠭᠠᠨ ᠤ ᠬᠦᠮᠦᠷᠭᠡ ᠵᠡᠷᠭᠡ20 ᠭᠠᠷᠤᠢ ᠲᠠᠰᠤᠯᠭ᠎ᠠ ᠭᠡᠷ ᠪᠤᠢ᠃2006 ᠣᠨ ᠳᠤ ᠤᠯᠠᠭᠠᠨᠬᠦᠦ ᠶᠢᠨ | ᠳᠤᠷᠠᠰᠬᠠᠯ ᠤᠨ ᠤᠷᠳᠤᠨ ᠠᠴᠠ ᠬᠠᠭᠤᠴᠢᠨ ᠰᠠᠭᠤᠴᠠ ᠶᠢ ᠲᠠᠬᠢᠨ ᠵᠠᠰᠠᠵᠤ ᠤᠤᠯ ᠤᠨ ᠬᠡᠪ ᠳᠤ ᠨᠢ ᠤᠷᠤᠭᠤᠯᠪᠠ᠃ ᠡᠭᠦᠨ ᠳᠤ ᠬᠠᠭᠤᠴᠢᠨ ᠰᠠᠭᠤᠴᠠ ᠶᠢᠨ | ᠤᠤᠯ ᠬᠡᠪ᠂ ᠦᠵᠡᠭᠦᠯᠭᠡ ᠶᠢᠨ ᠭᠡᠷ᠂ ᠲᠠᠭᠤ ᠰᠢᠩᠭᠡᠭᠡᠯᠲᠡ ᠶᠢᠨ ᠲᠢᠩᠭᠢᠮ᠂ ᠬᠦᠰᠢᠶ᠎ᠡ ᠶᠢᠨ ᠬᠤᠩᠭᠢᠯ᠂ ᠬᠤᠸᠠᠢ ᠽᠧ ᠲᠢᠩ ᠵᠢᠴᠢ ᠤᠯᠠᠭᠠᠨᠬᠦᠦ ᠶᠢᠨ ᠬᠢᠨ ᠤ | ᠠᠮᠤ ᠪᠤᠳᠠᠭ᠎ᠠ ᠢᠩᠳᠡᠵᠦ ᠬᠠᠳᠠᠭᠠᠵᠤ ᠪᠠᠶᠢᠭᠰᠠᠨ ᠦᠵᠡᠭᠳᠡᠯ ᠪᠠ ᠤᠯᠠᠭᠠᠨᠬᠦᠦ ᠶᠢᠨ ᠪᠠᠭ᠎ᠠ ᠳᠠᠭᠠᠨ ᠨᠠᠭᠠᠳᠴᠤ ᠪᠠᠶᠢᠭᠰᠠᠨ ᡁᠢ ᠵᠢᠢ ᠲᠠᠨ ᠵᠡᠷᠭᠡ ᠶᠢ ᠲᠡᠯᠭᠡᠨ | ᠦᠵᠡᠭᠦᠯᠵᠦ᠂ ᠡᠵᠡᠯᠡᠬᠦ ᠶᠡᠷᠦᠩᠬᠡᠢ ᠲᠠᠯᠠᠪᠠᠢ ᠨᠢ 24 ᠮᠦ ᠬᠦᠷᠴᠦ ᠪᠤᠢ᠃ | ᠬᠠᠭᠤᠴᠢᠨ ᠰᠠᠭᠤᠴᠠ ᠳᠤ 84 ᠲᠡᠦᠭᠡᠨ ᠪᠢᠴᠢᠭ᠂ ᠲᠤᠷᠠᠰᠬᠠᠯᠳᠤ ᠵᠦᠢᠯᠡᠰ᠂ 63 ᠵᠢᠷᠤᠭ ᠰᠡᠭᠦᠳᠡᠷ᠂ 19 ᠲᠤᠰᠤᠨ ᠵᠢᠷᠤᠭ᠂ 5 ᠴᠠᠭᠠᠰᠤᠨ | ᠬᠠᠶᠢᠴᠢᠯᠠᠮᠠᠯ᠂ 2 ᠦᠰᠦᠭᠲᠦ ᠵᠢᠷᠤᠭ᠂ ᠲᠠᠪᠤᠨ ᠪᠢᠴᠢᠯᠭᠡ ᠨᠡᠪᠳᠡᠷᠡᠭᠦᠯᠬᠦ ᠦᠵᠦᠭᠦᠷᠯᠢᠭ᠂ ᠬᠤᠶᠠᠷ ᠢᠵᠢ ᠤᠶᠤᠨᠳᠤ ᠲᠠᠶᠢᠯᠪᠤᠷᠢᠯᠠᠨ ᠶᠠᠷᠢᠬᠤ ᠰᠢᠰᠲ᠋ᠧᠮ ᠢ | ᠲᠡᠯᠭᠡᠨ ᠦᠵᠡᠭᠦᠯᠵᠦ ᠪᠠᠶᠢᠬᠤ ᠶᠢᠨ ᠬᠠᠮᠲᠤ ᠲᠦᠮᠡᠳ ᠤᠨ ᠠᠷᠠᠳ ᠤᠨ ᠵᠠᠩ ᠦᠢᠯᠡ ᠶᠢᠨ ᠤᠨᠴᠠᠯᠢᠭ ᠪᠦᠬᠦᠢ ᠡᠳ᠋ᠯᠡᠯ ᠬᠡᠷᠡᠭᠰᠡᠯ ᠢ 35 ᠶᠢ ᠲᠡᠯᠭᠡᠵᠦ ᠪᠤᠢ᠃ | ᠵᠢᠭᠤᠯᠴᠢᠳ ᠤᠯᠠᠭᠠᠨᠬᠦᠦ ᠶᠢᠨ ᠬᠠᠭᠤᠴᠢᠨ ᠰᠠᠭᠤᠴᠠ ᠶᠢ ᠲᠤᠭᠤᠷᠢᠨ ᠦᠵᠡᠬᠦ ᠶᠢᠨ ᠵᠡᠷᠭᠡᠪᠡᠷ ᠲᠦᠮᠡᠳ ᠤᠨ ᠨᠤᠲᠤᠭ ᠤᠷᠤᠨ ᠤ ᠵᠠᠩ ᠵᠠᠩᠰᠢᠯ ᠪᠠ ᠬᠦᠳᠡᠭᠡ | ᠨᠤᠲᠤᠭ ᠤᠨ ᠦᠩᠭᠡ ᠦᠵᠡᠮᠵᠢ ᠶᠢ ᠰᠤᠨᠢᠷᠬᠠᠵᠤ ᠪᠤᠯᠤᠨ᠎ᠠ᠃ | 2016 ᠣᠨ ᠳᠤ ᠲᠦᠮᠡᠳ ᠤᠨ ᠬᠤᠪᠢᠰᠬᠠᠯ ᠤᠨ ᠲᠡᠦᠭᠡ ᠶᠢᠨ ᠦᠵᠡᠭᠦᠯᠭᠡ ᠶᠢ ᠰᠢᠨ᠎ᠡ ᠪᠠᠷ ᠨᠡᠮᠡᠵᠡᠢ᠃ | ᠤᠯᠠᠭᠠᠨᠬᠦᠦ ᠶᠢᠨ ᠬᠠᠭᠤᠴᠢᠨ ᠰᠠᠭᠤᠴᠠ ᠪᠣᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠲᠡᠦᠭᠡᠨ ᠲᠤᠷᠠᠰᠬᠠᠯᠳᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠵᠢᠷᠭᠤᠳᠤᠭᠠᠷ ᠪᠦᠯᠦᠭ ᠤᠯᠤᠰ ᠤᠨ ᠭᠤᠤᠯᠳᠠᠯᠭ᠎ᠠ ᠲᠠᠢ ᠲᠡᠦᠭᠡᠨ ᠲᠤᠷᠠᠰᠬᠠᠯᠳᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠡ᠂ ᠪᠦᠬᠦ ᠤᠯᠤᠰ ᠤᠨ ᠬᠤᠪᠢᠰᠬᠠᠯ ᠤᠨ ᠵᠢᠭᠤᠯᠴᠢᠯᠠᠯ ᠤᠨ ᠰᠤᠩᠭᠤᠳᠠᠭ ᠦᠵᠡᠮᠵᠢ ᠶᠢᠨ ᠤᠷᠤᠨ᠂ ᠤᠯᠤᠰ ᠤᠨAAAA ᠲᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠪᠤᠯᠤᠨ᠎ᠠ᠃ |