ᠤᠯᠠᠭᠠᠨᠬᠦᠦ ᠶᠢᠨ ᠳᠤᠷᠠᠰᠬᠠᠯ ᠤᠨ ᠤᠷᠳᠤᠨ
ᠨᠡᠶᠢᠲᠡᠯᠡᠭᠰᠡᠨ ᠴᠠᠭ᠄
2023/2/13
      ᠤᠯᠠᠭᠠᠨᠬᠦᠦ ᠶᠢᠨ ᠳᠤᠷᠠᠰᠬᠠᠯ ᠤᠨ ᠤᠷᠳᠤᠨ ᠨᠢ ᠬᠦᠬᠡᠬᠤᠲᠠ ᠶᠢᠨ ᠰᠢᠨᠬᠤᠸᠠ ᠪᠠᠷᠠᠭᠤᠨ ᠵᠡᠭᠡᠯᠢ ᠶᠢᠨ ᠤᠯᠠᠭᠠᠨᠬᠦᠦ ᠴᠡᠴᠡᠷᠯᠢᠭ ᠲᠤ ᠪᠠᠶᠢᠷᠢᠯᠠᠵᠤ ᠪᠤᠢ᠃ ᠤᠯᠠᠭᠠᠨᠬᠦᠦ ᠶᠢᠨ ᠳᠤᠷᠠᠰᠬᠠᠯ ᠤᠨ ᠤᠷᠳᠤᠨ ᠢ1991 ᠣᠨ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠵᠦᠪᠰᠢᠶᠡᠷᠡᠯ ᠢᠶᠠᠷ᠂  ᠥᠪᠡᠷᠲᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠪᠠ ᠵᠠᠰᠠᠭ ᠤᠨ ᠤᠷᠳᠤᠨ ᠬᠦᠬᠡᠬᠤᠲᠠ ᠶᠢᠨ ᠤᠷᠭᠤᠮᠠᠯ ᠤᠨ ᠴᠡᠴᠡᠷᠯᠢᠭ ᠲᠤ ᠪᠠᠶᠢᠭᠤᠯᠬᠤ ᠪᠠᠷ ᠲᠤᠭᠲᠠᠪᠠ ᠃1992 ᠣᠨ ᠤ12 ᠳ᠋ᠤᠭᠠᠷ ᠰᠠᠷ᠎ᠠ ᠶᠢᠨ23 ᠤ ᠡᠳᠦᠷ  ᠪᠠᠶᠢᠭᠤᠯᠵᠤ ᠳᠠᠭᠤᠰᠤᠨ ᠡᠭᠦᠳᠡ ᠪᠠᠨ ᠨᠡᠭᠡᠭᠡᠵᠦ᠂ ᠤᠤᠯ ᠤᠨ ᠤᠯᠤᠰ ᠤᠨ ᠲᠡᠷᠢᠭᠦᠯᠡᠭᠴᠢ ᠶᠠᠩ  ᠱᠠᠩ ᠺᠦᠨ ᠨᠦᠬᠦᠷ ᠦᠪᠡᠷ ᠤᠨ ᠭᠠᠷ ᠢᠶᠠᠷ ᠢᠶᠠᠨ ᠮᠦᠽᠸᠢ ᠶᠢᠨ ᠨᠡᠷ᠎ᠡ ᠶᠢ ᠪᠢᠴᠢᠵᠡᠢ᠃2005 ᠣᠨ ᠳᠤ ᠤᠷᠭᠤᠮᠠᠯ ᠤᠨ ᠴᠡᠴᠡᠷᠯᠢᠭ ᠤᠨ ᠨᠡᠷ᠎ᠡ ᠶᠢ ᠵᠢᠩᠭᠢᠨᠢ  ᠪᠠᠷ ᠤᠯᠠᠭᠠᠨᠬᠦᠦ ᠴᠡᠴᠡᠷᠯᠢᠭ ᠭᠡᠵᠦ ᠬᠠᠯᠠᠪᠠ᠃ ᠴᠡᠴᠡᠷᠯᠢᠭ ᠤᠨ ᠶᠡᠷᠦᠩᠬᠡᠢ ᠲᠠᠯᠠᠪᠠᠢ 25 ᠡᠾᠧᠺᠲ᠋ᠠᠷ᠂ ᠡᠭᠦᠨ ᠳᠤ ᠳᠤᠷᠠᠰᠬᠠᠯ ᠤᠨ ᠮᠦᠽᠸᠢ  30000 ᠺᠦᠸᠠᠳ᠋ ᠮᠧᠲᠷ ᠤᠨ ᠲᠠᠯᠠᠪᠠᠢ ᠶᠢ ᠡᠵᠡᠯᠡᠵᠦ ᠪᠠᠶᠢᠳᠠᠭ᠃ ᠮᠦᠽᠸᠢ ᠨᠢ ᠭᠤᠣᠯ ᠤᠷᠳᠤᠨ᠂ ᠳᠤᠷᠠᠰᠬᠠᠯ ᠤᠨ ᠲᠠᠯᠠᠪᠠᠢ᠂ ᠱᠤᠭᠤᠮᠠᠯ  ᠬᠦᠷᠦᠭ᠂ ᠲᠤᠰ ᠮᠠᠨᠳᠤᠭᠤᠯᠬᠤ ᠲᠠᠶᠢᠰᠠ᠂  ᠬᠥᠰᠢᠶ᠎ᠡ ᠶᠢᠨ ᠲᠢᠩᠰᠠ᠂ ᠭᠤᠯᠳᠤᠩ  ᠬᠦᠰᠢᠶ᠎ᠡ ᠵᠡᠷᠭᠡ 6 ᠬᠡᠰᠡᠭ ᠢᠶᠠᠷ ᠪᠦᠷᠢᠯᠳᠦᠵᠡᠢ᠃ ᠪᠠᠷᠢᠯᠭ᠎ᠠ ᠨᠤᠭᠤᠳ ᠨᠢ ᠤᠯᠠᠮᠵᠢᠯᠠᠯᠳᠤ ᠪᠠᠷᠢᠯᠭ᠎ᠠ ᠶᠢᠨ ᠬᠡᠪ ᠨᠠᠮᠪᠠ ᠪᠠ ᠤᠳᠤᠬᠢᠴᠢᠯᠠᠭᠰᠠᠨ ᠪᠠᠷᠢᠯᠭ᠎ᠠ ᠶᠢᠨ ᠮᠡᠷᠭᠡᠵᠢᠯ ᠢ ᠤᠶᠠᠯᠳᠤᠭᠤᠯᠤᠨ ᠨᠠᠷᠠᠰᠤ ᠮᠠᠶᠢᠯᠠᠰᠤ  ᠬᠦᠬᠡᠷᠡᠭᠰᠡᠨ ᠨᠣᠮᠢᠨ ᠨᠤᠭᠤᠭᠠᠨ ᠤ ᠲᠤᠮᠳᠠ ᠰᠤᠶᠤᠯ ᠤᠨ ᠦᠵᠡᠮᠵᠢ ᠪᠠᠷ ᠲᠤᠳᠤᠭᠠᠳᠤ ᠠᠭᠤᠯᠬᠤᠨ ᠪᠤᠯᠭᠠᠵᠤ ᠴᠡᠴᠡᠷᠯᠢᠭ ᠤᠨ ᠨᠤᠭᠤᠭᠠᠨ ᠥᠩᠭᠡ ᠪᠠᠷ ᠠᠴᠢᠶᠠᠯᠠᠪᠤᠷᠢ ᠪᠣᠯᠭᠠᠭᠰᠠᠨ ᠵᠢᠭᠤᠯᠴᠢᠯᠠᠯ ᠤᠨ ᠰᠠᠶᠢᠬᠠᠨ ᠤᠷᠤᠨ ᠢ ᠪᠦᠷᠢᠯᠳᠦᠭᠦᠯᠦᠭᠰᠡᠨ ᠪᠠᠶᠢᠨ᠎ᠠ᠃    ᠳᠤᠷᠠᠰᠬᠠᠯ ᠤᠨ ᠤᠷᠳᠤᠨ ᠳᠤ  ᠨᠡᠶᠢᠲᠡ 247 ᠵᠢᠷᠤᠭ ᠰᠡᠭᠦᠳᠡᠷ᠂121 ᠲᠡᠦᠭᠡᠨ ᠳᠤᠷᠠᠰᠬᠠᠯᠳᠤ ᠵᠦᠢᠯᠡᠰ᠂146 ᠲᠡᠦᠬᠡᠨ ᠪᠢᠴᠢᠭ ᠢ ᠲᠡᠯᠭᠡᠵᠦ ᠪᠤᠢ᠃ ᠦᠵᠡᠭᠦᠯᠭᠡ ᠨᠢ ᠤᠯᠠᠭᠠᠨᠬᠦᠦ ᠵᠡᠷᠭᠡ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠦᠨᠳᠦᠰᠦᠳᠡᠨ ᠤ ᠴᠢᠯᠦᠭᠡᠯᠡᠯᠲᠡ᠂ ᠤᠯᠤᠰ ᠤᠷᠤᠨ ᠤ ᠨᠢᠭᠡᠳᠦᠯ᠂ ᠲᠤᠮᠳᠠᠳᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠲᠠ  ᠳᠤ ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠶᠢ ᠠᠮᠢᠳᠤᠯᠢᠭ ᠪᠣᠳᠠᠳᠠᠢ ᠪᠦᠭᠡᠳ ᠲᠡᠯᠭᠡᠷᠡᠩᠭᠦᠢ ᠦᠵᠡᠭᠦᠯᠵᠡᠢ᠃ ᠡᠭᠦᠨ ᠤ ᠬᠠᠮᠳᠤ ᠤᠯᠠᠨ ᠤᠶᠤᠨᠴᠢ ᠲᠠᠪᠴᠠᠩ ᠨᠡᠭᠡᠭᠡᠭᠰᠡᠨ ᠨᠢ ᠬᠦᠮᠦᠰ ᠤᠨ ᠲᠤᠤᠷ ᠰᠦᠯᠵᠢᠶ᠎ᠡ  ᠶᠢ ᠠᠰᠢᠭᠯᠠᠨ ᠳᠤᠷᠠᠰᠬᠠᠯ ᠤᠨ ᠮᠦᠽᠧᠢ ᠶᠢᠨ ᠬᠤᠯᠪᠤᠭᠳᠠᠯ ᠪᠦᠬᠦᠢ ᠠᠭᠤᠯᠭ᠎ᠠ ᠪᠠ ᠲᠡᠯᠭᠡᠨ ᠦᠵᠡᠭᠦᠯᠭᠡ ᠶᠢᠨ ᠪᠤᠳᠠᠰ ᠢ ᠦᠵᠡᠵᠦ  ᠤᠶᠢᠯᠠᠭᠠᠬᠤ ᠳᠤ ᠲᠦᠭᠦᠮ  ᠦᠵᠡᠭᠦᠯᠦᠭᠰᠡᠨ ᠪᠠᠶᠢᠨ᠎ᠠ᠃ ᠪᠦᠬᠦᠶᠢᠯᠡ ᠦᠵᠡᠭᠦᠯᠭᠡ ᠨᠢ ᠤᠯᠠᠭᠠᠨᠬᠦᠦ ᠶᠢᠨ ᠨᠢᠭᠡ ᠨᠠᠰᠤᠨ ᠤ ᠦᠢᠯᠡ ᠶᠠᠪᠤᠳᠠᠯ ᠢᠶᠠᠷ ᠭᠤᠣᠯ ᠪᠤᠯᠭᠠᠬᠤ ᠶᠢᠨ ᠵᠡᠷᠭᠡᠪᠡᠷ ᠦᠪᠦᠷ ᠮᠤᠩᠭᠤᠯ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠪᠠᠭ ᠤᠨ ᠬᠢᠨ ᠤ ᠠᠮᠵᠢᠯᠲᠠ ᠪᠦᠳᠦᠮᠵᠢ ᠶᠢ ᠴᠤ ᠲᠠᠭᠠᠤ ᠳᠤ ᠨᠢ ᠲᠤᠭᠠᠴᠢᠵᠤ᠂ ᠤᠯᠠᠭᠠᠨᠬᠦᠦ ᠶᠢᠨ ᠲᠦᠷᠢ ᠶᠢ ᠨᠡᠩ ᠭᠡᠷᠡᠯ ᠰᠠᠴᠤᠷᠠᠩᠭᠤᠢ ᠲᠦᠭᠦᠷᠡᠩ ᠪᠠᠶᠠᠯᠢᠭ ᠪᠣᠯᠭᠠᠭᠰᠠᠨ ᠪᠦᠭᠡᠳ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ  ᠣᠶᠢᠷ᠎ᠠ ᠦᠶ᠎ᠡ ᠶᠢᠨ ᠦᠨᠳᠦᠰᠦᠳᠡᠨ ᠤ ᠲᠡᠦᠭᠡ᠂ ᠬᠤᠪᠢᠰᠬᠠᠯ ᠤᠨ ᠲᠡᠦᠭᠡ ᠶᠢ ᠴᠤ ᠲᠡᠯᠭᠡᠨ ᠬᠠᠷᠠᠭᠤᠯᠤᠭᠰᠠᠨ ᠪᠠᠶᠢᠨ᠎ᠠ᠃ ᠤᠯᠠᠭᠠᠨᠬᠦᠦ ᠶᠢᠨ ᠳᠤᠷᠠᠰᠬᠠᠯ ᠤᠨ ᠤᠷᠳᠤᠨ ᠪᠣᠯ  ᠬᠦᠬᠡᠬᠤᠲᠠ ᠶᠢᠨ ᠴᠢᠬᠤᠯᠠ ᠬᠤᠪᠢᠰᠬᠠᠯ ᠤᠨ ᠵᠢᠭᠤᠯᠴᠢᠯᠠᠯ ᠬᠦᠮᠦᠵᠢᠯ ᠤᠨ ᠰᠠᠭᠤᠷᠢᠨ  ᠭᠠᠵᠠᠷ ᠮᠦᠨ᠂ ᠠᠷᠠᠳ ᠤᠯᠠᠨ ᠲᠦᠮᠡᠨ ᠤ ᠬᠠᠮᠢᠶᠠᠳᠠᠢ ᠲᠡᠦᠭᠡ ᠶᠢᠨ ᠮᠡᠳᠡᠯᠭᠡ ᠶᠢ ᠰᠤᠷᠤᠯᠴᠠᠵᠤ᠂ ᠦᠵᠡᠯ ᠰᠠᠨᠠᠭ᠎ᠠ ᠬᠡᠪ ᠪᠣᠯᠪᠠᠰᠤᠷᠠᠯ ᠢᠶᠠᠨ ᠲᠡᠭᠡᠭᠰᠢᠯᠡᠬᠦᠯᠬᠦ ᠴᠢᠬᠤᠯᠠ ᠬᠢᠴᠢᠶᠡᠯ ᠤᠨ ᠲᠠᠩᠭᠢᠮ ᠪᠣᠯᠣᠨ᠎ᠠ᠃     ᠢᠷᠠᠯᠲᠡ ᠄ ᠤᠯᠠᠭᠠᠨᠬᠦᠦ ᠶᠢᠨ ᠳᠤᠷᠠᠰᠬᠠᠯ ᠤᠨ ᠤᠷᠳᠤᠨ ᠤ ᠠᠯᠪᠠᠨ ᠰᠦᠯᠵᠢᠶ᠎ᠡ             ᠬᠦᠬᠡᠬᠤᠲᠠ ᠶᠢᠨ ᠷᠠᠳᠢᠤ᠋ ᠲᠧᠯᠸᠢᠰ ᠬᠤᠷᠢᠶ᠎ᠠ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ