ᠮᠠᠷᠳᠠᠵᠤ ᠪᠤᠯᠤᠰᠢ ᠦᠭᠡᠢ ᠲᠡᠦᠭᠡ · ᠬᠤᠪᠢᠰᠬᠠᠯᠴᠢᠳ ᠤᠨ ᠴᠠᠳᠢᠭ — ᠳ᠋ᠦᠸᠧ ᠰᠦᠩ ᠨᠢᠶᠠᠨ
ᠨᠡᠶᠢᠲᠡᠯᠡᠭᠰᠡᠨ ᠴᠠᠭ᠄
2023/2/13
    ᠳ᠋ᠦᠸᠧ ᠰᠦᠩ ᠨᠢᠶᠠᠨ ︵1905 —1927︶᠂ ᠤᠤᠯ ᠨᠡᠷ᠎ᠡ ᠨᠢ ᠳ᠋ᠦᠸᠧ ᠱᠸᠥ ᠂ ᠡᠷᠡᠭᠳᠡᠢ᠂ ᠮᠤᠩᠭᠤᠯ ᠦᠨᠳᠦᠰᠦᠳᠡᠨ᠂ ᠦᠪᠦᠷ  ᠮᠤᠩᠭᠤᠯ ᠤᠨ ᠲᠦᠮᠡᠳ ᠬᠤᠰᠢᠭᠤᠨ ᠤ ᠬᠦᠮᠦᠨ᠂ ᠭᠦᠢ ᠰᠦᠢ ᠬᠤᠲᠠ ᠶᠢᠨ ᠬᠤᠶᠢᠳᠤ ᠲᠡᠭᠦᠷᠭᠡ ᠶᠢᠨ ᠮᠠᠶᠢᠬᠠᠨ ᠪᠠᠶᠢᠰᠢᠩ ᠲᠤᠰᠬᠤᠨ ᠤ ᠨᠢᠭᠡ ᠶᠠᠳᠠᠭᠤ ᠲᠠᠷᠢᠶᠠᠴᠢᠨ ᠤ ᠭᠡᠷ ᠲᠤ ᠲᠦᠷᠦᠵᠡᠢ᠃    1918 ᠣᠨ ᠠᠴᠠ 1923 ᠣᠨ ᠪᠣᠯᠲᠠᠯ᠎ᠠ᠂ ᠳ᠋ᠦᠸᠧ ᠰᠦᠩ ᠨᠢᠶᠠᠨ ᠤᠷᠢᠳ ᠬᠤᠵᠢᠳ ᠬᠦᠬᠡᠬᠤᠲᠠ ᠶᠢᠨ ᠱᠢ ᠸᠠᠩ ᠮᠢᠶᠣᠤ ᠮᠤᠩᠭᠤᠯ ᠬᠡᠯᠡᠨ ᠤ ᠪᠠᠭ᠎ᠠ ᠰᠤᠷᠭᠠᠭᠤᠯᠢ᠂ ᠲᠦᠮᠡᠳ ᠦᠨᠳᠦᠷ ᠵᠡᠷᠭᠡ ᠶᠢᠨ ᠪᠠᠭ᠎ᠠ ᠰᠤᠷᠭᠠᠭᠤᠯᠢ ᠳᠤ ᠰᠤᠷᠤᠯᠴᠠᠪᠠ᠃ ︽ᠲᠠᠪᠤᠨ ᠰᠠᠷ᠎ᠠ ᠶᠢᠨ ᠲᠦᠷᠪᠡᠨ ︾ ᠤ ᠬᠦᠳᠡᠯᠭᠡᠭᠡᠨ ᠤ ᠦᠶ᠎ᠡ ᠳᠤ ᠬᠦᠬᠡᠬᠤᠲᠠ ᠶᠢᠨ ᠰᠤᠷᠤᠭᠴᠢᠳ ᠤᠨ ᠡᠵᠡᠷᠭᠡᠭ ᠲᠦᠷᠢᠮᠡᠬᠡᠶᠢᠳᠡᠨ ᠢ ᠡᠰᠡᠷᠭᠦᠴᠡᠵᠦ ᠤᠯᠤᠰ ᠢᠶᠠᠨ ᠬᠠᠶᠢᠷᠠᠯᠠᠬᠤ ᠬᠦᠳᠡᠯᠭᠡᠭᠡᠨ ᠳᠤ ᠤᠷᠤᠯᠴᠠᠵᠤ ᠥᠩᠭᠡᠷᠡᠵᠡᠢ᠃    1923 ᠣᠨ ᠤ ᠨᠠᠮᠤᠷ᠂ ᠳ᠋ᠦᠸᠧ ᠰᠦᠩ ᠨᠢᠶᠠᠨ ᠪᠡᠭᠡᠵᠢᠩ ᠤᠨ ᠮᠤᠩᠭᠤᠯ ᠲᠦᠪᠡᠳ ᠰᠤᠷᠭᠠᠭᠤᠯᠢ ᠳᠤ ᠰᠢᠯᠭᠠᠨ ᠣᠷᠤᠪᠠ᠃ ᠤᠳᠠᠯ ᠦᠭᠡᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠨᠠᠮ ᠤᠨ ᠵᠤᠬᠢᠶᠠᠨ ᠪᠠᠶᠢᠭᠤᠯᠤᠯᠳᠠ ᠮᠤᠩᠭᠤᠯ ᠲᠦᠪᠡᠳ ᠰᠤᠷᠭᠠᠭᠤᠯᠢ ᠳᠤ ᠠᠵᠢᠯ ᠥᠷᠨᠢᠬᠦᠯᠵᠦ᠂ ᠳ᠋ᠦᠸᠧ ᠰᠦᠩ ᠨᠢᠶᠠᠨ ᠮᠠᠷᠺᠰ ᠤᠨ ᠦᠵᠡᠯ ᠲᠠᠢ ᠡᠬᠢᠯᠡᠵᠦ ᠤᠶᠢᠷᠠᠳᠤᠨ᠂ ︽ᠡᠪ ᠬᠠᠮᠳᠤ ᠨᠠᠮ ᠤᠨ ᠲᠤᠩᠬᠠᠭ︾ ︽ᠰᠢᠨ᠎ᠡ ᠵᠠᠯᠠᠭᠤᠴᠤᠳ︾ ︽ᠵᠢᠯᠣᠭᠤ︾ ︽ᠤᠯᠤᠰ ᠲᠥᠷᠥ ᠶᠢᠨ ᠠᠮᠢᠳᠤᠷᠠᠯ︾ ᠵᠡᠷᠭᠡ ᠬᠤᠪᠢᠰᠬᠠᠯ ᠤᠨ ᠨᠣᠮ ᠰᠡᠳᠬᠦᠯ ᠢ ᠤᠩᠰᠢᠵᠤ᠂ ᠮᠤᠩᠭᠤᠯ ᠦᠨᠳᠦᠰᠦᠳᠡᠨ ᠤ ᠴᠢᠯᠦᠭᠡᠯᠡᠯᠲᠡ ᠪᠠ ᠲᠤᠮᠳᠠᠳᠤ ᠤᠯᠤᠰ ᠤᠨ ᠬᠤᠪᠢᠰᠬᠠᠯ ᠤᠨ ᠠᠰᠠᠭᠤᠳᠠᠯ ᠢ ᠰᠤᠳᠤᠯᠵᠤ ᠡᠬᠢᠯᠡᠵᠡᠢ᠃     1924 ᠣᠨ ᠤ ᠡᠬᠢᠨ ᠳᠤ᠂ ᠳ᠋ᠦᠸᠧ ᠰᠦᠩ ᠨᠢᠶᠠᠨ ᠲᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳᠤ ᠣᠷᠤᠭᠰᠠᠨ ᠪᠦᠭᠡᠳ ᠮᠤᠩᠭᠤᠯ ᠲᠥᠪᠡᠳ ᠰᠤᠷᠭᠠᠭᠤᠯᠢ ᠶᠢᠨ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠪᠣᠯᠪᠠ᠃ ᠤᠳᠠᠯ ᠦᠭᠡᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ ᠪᠣᠯᠪᠠ᠃     1925 ᠣᠨ ᠤ ᠡᠬᠢᠨ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠬᠤᠷᠢᠶ᠎ᠠ ᠪᠠ ᠯᠢ ᠳ᠋ᠠ ᠵᠤᠤ ᠨᠦᠬᠦᠷ ᠤᠨ ᠤᠳᠤᠷᠢᠳᠤᠯᠭ᠎ᠠ ᠲᠤᠤᠷ᠎ᠠ᠂ ᠳ᠋ᠦᠸᠧ ᠰᠦᠩ ᠨᠢᠶᠠᠨ ᠤᠯᠠᠭᠠᠨᠬᠦᠦ᠂ ᠺᠦᠢ ᠪᠢ ᠨᠠᠷ ᠲᠠᠢ ᠦᠪᠦᠷ ᠮᠤᠩᠭᠤᠯ ᠤᠨ ᠬᠠᠮᠤᠭ ᠤᠨ ᠡᠷᠲᠡᠨ ᠤ ᠬᠤᠪᠢᠰᠬᠠᠯ ᠤᠨ ᠰᠡᠳᠬᠦᠯ — ︽ᠮᠤᠩᠭᠤᠯ ᠤᠨ ᠲᠠᠷᠢᠶᠠᠯᠠᠩ ᠠᠷᠠᠳ︾ ᠰᠡᠳᠬᠦᠯ ᠢ ᠡᠷᠬᠢᠯᠡᠨ᠂ ᠦᠪᠦᠷ ᠮᠤᠩᠭᠤᠯ ᠤᠨ ᠪᠤᠳᠠᠳᠠᠢ ᠲᠠᠢ ᠨᠢᠭᠲᠠ  ᠤᠶᠠᠯᠳᠤᠭᠤᠯᠵᠤ᠂ ᠬᠤᠪᠢᠰᠬᠠᠯ ᠤᠨ ᠤᠨᠤᠯ ᠢ ᠤᠬᠠᠭᠤᠯᠤᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳᠴᠢᠯᠠᠭᠰᠠᠨ ᠬᠤᠪᠢᠰᠬᠠᠯ ᠤᠨ ᠬᠦᠳᠦᠯᠪᠦᠷᠢ ᠶᠢ ᠤᠬᠠᠭᠤᠯᠵᠤ᠂ ᠦᠪᠦᠷ ᠮᠤᠩᠭᠤᠯ ᠤᠨ ᠮᠤᠩᠭᠤᠯ ᠬᠢᠲᠠᠳ ᠡᠯ᠎ᠡ ᠦᠨᠳᠦᠰᠦᠳᠡᠨ ᠤ ᠠᠷᠠᠳ ᠲᠦᠮᠡᠨ ᠪᠦᠯᠬᠦᠮᠳᠡᠨ ᠨᠢᠭᠲᠠᠷᠠᠵᠤ᠂ ᠬᠠᠮᠳᠤᠪᠡᠷ ᠬᠤᠪᠢᠰᠬᠠᠯ ᠬᠢᠵᠦ᠂ ᠬᠠᠮᠳᠤ ᠪᠠᠷ ᠴᠢᠯᠦᠭᠡᠯᠡᠯᠳᠡ ᠶᠢ ᠡᠷᠢᠯᠬᠢᠯᠡᠬᠦ ᠶᠢ ᠬᠦᠴᠦᠳᠡᠢ ᠤᠷᠢᠶᠠᠯᠠᠪᠠ᠃ ᠲᠡᠷᠡ ᠮᠤᠩᠭᠤᠯ ᠲᠦᠪᠡᠳ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠲᠦᠪᠡᠳ ᠬᠦᠷᠢᠶᠡᠯᠡᠩ ᠤᠨ ᠰᠤᠷᠭᠠᠭᠤᠯᠢ ᠶᠢᠨ ᠠᠯᠪᠠᠨ ᠤ ᠵᠠᠷᠤᠳᠠᠯ ᠢ  ᠬᠦᠴᠦᠨ ᠦᠭᠡᠢ ᠪᠣᠯᠭᠠᠬᠤ ᠶᠢ ᠡᠰᠡᠷᠬᠦᠴᠡᠬᠦ ᠪᠠ ᠲᠡᠷᠰᠯᠡᠭᠦᠦ ᠰᠤᠷᠭᠠᠭᠤᠯᠢ ᠶᠢᠨ ᠵᠠᠬᠢᠷᠤᠯ ᠢ ᠭᠦᠭᠡᠭᠡᠵᠦ ᠶᠠᠪᠤᠭᠤᠯᠬᠤ ᠲᠡᠮᠡᠴᠡᠯ ᠳᠤ ᠤᠷᠤᠯᠴᠠᠵᠤ ᠵᠤᠬᠢᠶᠠᠨ ᠪᠠᠶᠢᠭᠤᠯᠵᠠᠢ᠃  ᠪᠡᠭᠡᠵᠢᠩ ᠤᠨ ︽ᠲᠠᠪᠤᠨ ᠰᠠᠷ᠎ᠠ ᠶᠢᠨ ᠲᠦᠷᠪᠡᠨ ᠤ ᠬᠦᠳᠡᠯᠭᠡᠭᠡᠨ︾  ᠳᠤ ᠤᠷᠤᠯᠴᠠᠪᠠ᠃ ᠡᠪᠦᠯ ᠤᠨ ᠡᠬᠢ ᠪᠠᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠬᠤᠷᠢᠶ᠎ᠠ ᠠᠴᠠ ᠳ᠋ᠦᠸᠧ ᠰᠦᠩ ᠨᠢᠶᠠᠨ ᠢ ᠵᠦᠪᠯᠡᠯᠳᠦ ᠬᠤᠯᠪᠤᠭᠠᠳᠤ ᠤᠯᠤᠰ ᠤᠨ ᠮᠤᠰᠺᠸᠠ ᠶᠢᠨ ᠵᠦᠩ ᠱᠠᠨ ᠶᠡᠭᠡ ᠰᠤᠷᠭᠠᠭᠤᠯᠢ ᠳᠤ ᠰᠤᠷᠤᠯᠴᠠᠭᠤᠯᠪᠠ᠃       1926 ᠣᠨ ᠤ ᠨᠠᠮᠤᠷ᠂ ᠳ᠋ᠦᠸᠧ ᠰᠦᠩ ᠨᠢᠶᠠᠨ ᠲᠤᠮᠢᠯᠠᠯᠲᠠ ᠪᠠᠷ ᠤᠯᠤᠰ ᠲᠠᠭᠠᠨ ᠪᠤᠴᠠᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠴᠠᠬᠠᠷ ᠤᠨᠴᠠᠭᠠᠢ ᠤᠷᠤᠨ ᠤ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠪᠠ᠃ ᠲᠡᠷᠡ ᠴᠠᠬᠠᠷ ᠤᠨ ᠬᠦᠳᠡᠭᠡ ᠲᠤᠰᠬᠤᠨ᠂ ᠮᠠᠯᠵᠢᠬᠤ ᠤᠷᠤᠨ ᠢᠶᠠᠷ ᠶᠠᠪᠤᠵᠤ᠂ ᠮᠠᠯᠴᠢᠨ ᠲᠠᠷᠢᠶᠠᠴᠢᠨ ᠤ ᠬᠦᠳᠡᠯᠭᠡᠭᠡᠨ ᠢ ᠡᠭᠦᠰᠭᠡᠵᠦ᠂ ᠴᠢᠭᠤᠯᠤᠯᠳᠤ ᠬᠠᠭᠠᠯᠭ᠎ᠠ ᠤᠷᠤᠨ ᠤ ᠦᠢᠯᠡᠳᠪᠦᠷᠢ᠂ ᠰᠤᠷᠭᠠᠭᠤᠯᠢ ᠪᠠᠷ ᠬᠦᠨᠵᠡᠭᠡᠶᠢᠷᠡᠵᠦ᠂ ᠬᠤᠲᠠ ᠲᠤᠳᠤᠷᠠᠬᠢ ᠬᠤᠪᠢᠰᠬᠠᠯᠳᠤ ᠲᠡᠮᠡᠴᠡᠯ ᠢ ᠤᠳᠤᠷᠢᠳᠤᠪᠠ᠃   1927 ᠣᠨ ᠤ 4 ᠳ᠋ᠤᠭᠡᠷ ᠰᠠᠷ᠎ᠠ ᠳᠤ᠂ ᠳ᠋ᠦᠸᠧ ᠰᠦᠩ ᠨᠢᠶᠠᠨ ᠦᠬᠠᠨ ᠳᠤ ᠬᠦᠷᠴᠦ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠪᠠ᠃ ᠲᠡᠷᠡ ᠬᠤᠷᠠᠯ ᠲᠡᠭᠡᠷ᠎ᠡ ᠮᠠᠥ ᠽᠧ ᠳ᠋ᠦᠩ᠂ ᠵᠸᠦ ᠡᠸ᠋ᠨ ᠯᠠᠢ᠂ ᠴᠢᠥᠢ ᠴᠢᠦ ᠪᠠᠢ ᠵᠡᠷᠭᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠮᠠᠰᠢ ᠤᠯᠠᠨ ᠴᠢᠬᠤᠯᠠ ᠤᠳᠤᠷᠢᠳᠬᠤ ᠬᠦᠮᠦᠰ ᠪᠠ ᠬᠤᠪᠢᠰᠬᠠᠯᠳᠤ ᠵᠢᠳᠬᠦᠯᠲᠡᠨ ᠲᠠᠢ ᠲᠠᠨᠢᠯᠴᠠᠪᠠ᠃ 5 ᠳ᠋ᠤᠭᠠᠷ ᠰᠠᠷ᠎ᠠ ᠶᠢᠨ ᠲᠤᠮᠳᠠᠴᠢ ᠪᠠᠷ ᠲᠡᠷᠡ ᠪᠡᠭᠡᠵᠢᠩ ᠳᠤ ᠬᠠᠷᠢᠵᠠᠢ᠃ ᠪᠡᠭᠡᠵᠢᠩ ᠳᠤ ᠪᠠᠶᠢᠬᠤ ᠦᠶ᠎ᠡ ᠳᠤ ᠪᠠᠨ ᠮᠦᠭᠳᠡᠨ ᠤ ᠪᠦᠯᠦᠭ ᠤᠨ ᠴᠡᠷᠢᠭ ᠤᠨ ᠡᠷᠭᠡᠳᠡᠨ ᠶᠠᠭ ᠴᠢᠭᠤᠯᠤᠯᠳᠤ ᠬᠠᠭᠠᠯᠭ᠎ᠠ ᠳᠤ ᠱᠠᠩ ᠲᠠᠯᠪᠢᠵᠤ ᠲᠡᠭᠦᠨ ᠢ ᠪᠠᠷᠢᠵᠤ ᠠᠪᠬᠤ  ᠭᠡᠵᠦ ᠪᠠᠶᠢᠭ᠎ᠠ ᠶᠢ ᠳ᠋ᠦᠸᠧ ᠰᠦᠩ ᠨᠢᠶᠠᠨ ᠨᠢᠭᠡᠨᠲᠡ ᠮᠡᠳᠡᠪᠡ᠃ ᠭᠡᠪᠡᠴᠦ᠂ ᠨᠠᠮ ᠤᠨ ︽ᠲᠠᠪᠤᠨ ᠶᠡᠭᠡ︾ ᠵᠣᠷᠢᠭ ᠰᠠᠨᠠᠭ᠎ᠠ ᠶᠢ ᠴᠠᠭ ᠲᠤᠬᠠᠢ ᠳᠤ ᠨᠢ ᠤᠯᠠᠮᠵᠢᠯᠠᠬᠤ ᠪᠠ ᠬᠤᠪᠢᠷᠠᠯᠳᠠ ᠶᠢ ᠠᠷᠭᠠᠴᠠᠭᠠᠬᠤ ᠠᠷᠭ᠎ᠠ ᠪᠤᠳᠤᠯᠭ᠎ᠠ ᠠᠪᠬᠤ ᠶᠢᠨ ᠲᠦᠯᠦᠭᠡ᠂ ᠲᠡᠷᠡ ᠮᠦᠨ ᠯᠡ ᠴᠢᠭᠤᠯᠤᠯᠳᠤ ᠬᠠᠭᠠᠯᠭ᠎ᠠ ᠳᠤ ᠪᠤᠴᠠᠪᠠ᠃ ᠤᠷᠪᠠᠭᠴᠢ ᠲᠡᠭᠦᠨ ᠢ ᠬᠤᠳᠠᠯᠳᠤᠭᠰᠠᠨ ᠠᠴᠠ ᠤᠳᠠᠯ ᠦᠭᠡᠢ ᠴᠢᠭᠤᠯᠤᠯᠳᠤ ᠬᠠᠭᠠᠯᠭ᠎ᠠ ᠳᠤ ᠪᠠᠷᠢᠪᠴᠢᠯᠠᠭᠳᠠᠵᠠᠢ᠃ ᠳ᠋ᠦᠸᠧ ᠰᠦᠩ ᠨᠢᠶᠠᠨ ᠬᠢᠨᠳᠠᠨ ᠳᠤ ᠮᠦᠭᠳᠡᠨ ᠤ ᠪᠦᠯᠦᠭ ᠤᠨ ᠴᠡᠷᠢᠭ ᠤᠨ ᠡᠷᠭᠡᠳᠡᠨ ᠤ ᠴᠢᠭᠤᠯᠤᠯᠳᠤ ᠬᠠᠭᠠᠯᠭ᠎ᠠ ᠳᠠᠬᠢ ᠤᠷᠤᠯᠠᠨ ᠬᠦᠢᠴᠡᠳᠭᠡᠭᠴᠢ᠂ ᠴᠠᠬᠠᠷ ᠤᠨᠴᠠᠭᠠᠢ ᠤᠷᠤᠨ ᠤ ᠬᠤᠰᠢᠭᠤ ᠵᠠᠬᠢᠷᠤᠭᠴᠢ ᠰᠠᠶᠢᠳ ᠭᠤᠤ ᠸᠧᠢ ᠶᠤᠸᠠᠢ ᠲᠠᠢ ᠲᠦᠢᠯ ᠤᠨ ᠡᠷᠡᠯᠬᠡᠭ ᠪᠠᠭᠠᠳᠤᠷᠯᠢᠭ ᠲᠡᠮᠡᠴᠡᠯ ᠶᠠᠪᠤᠭᠤᠯᠪᠠ᠃ ᠮᠦᠨ ᠵᠢᠯ ᠤᠨ 8 ᠳ᠋ᠤᠭᠠᠷ ᠰᠠᠷ᠎ᠠ ᠶᠢᠨ ᠲᠤᠮᠳᠠᠴᠢ ᠪᠠᠷ᠂ ᠬᠠᠷᠬᠢᠰ ᠬᠡᠷᠴᠡᠭᠡᠢ ᠲᠤᠭᠰᠢᠨ ᠪᠠᠯᠠᠮᠠᠳ ᠮᠦᠭᠳᠡᠨ ᠤ ᠪᠦᠯᠦᠭ ᠤᠨ ᠴᠡᠷᠢᠭ ᠤᠨ ᠡᠷᠭᠡᠳᠡᠨ ᠳ᠋ᠦᠸᠧ ᠰᠦᠩ ᠨᠢᠶᠠᠨ ᠨᠦᠭᠦᠷ ᠢ ᠴᠢᠭᠤᠯᠤᠯᠳᠤ ᠬᠠᠭᠠᠯᠭ᠎ᠠ ᠶᠢᠨ ᠳ᠋ᠠ ᠵᠢᠩ ᠮᠧᠨ ᠤ ᠡᠮᠦᠨ᠎ᠡ ᠲᠠᠷᠤᠵᠤ ᠠᠪᠠᠴᠢᠭᠠᠳ ᠲᠤᠬᠤᠢ ᠬᠢᠷᠢ ᠤᠷᠳᠤ ᠲᠠᠪᠤᠨ ᠲᠤᠮᠤ ᠲᠡᠮᠦᠷ ᠬᠠᠳᠠᠭᠠᠰᠤ ᠪᠠᠷ ᠮᠤᠩᠭᠤᠯ ᠦᠨᠳᠦᠰᠦᠳᠡᠨ ᠤ ᠰᠢᠯᠢᠳᠡᠭ ᠬᠦᠪᠡᠭᠦᠨ᠂ ᠦᠨᠡᠨᠴᠢ ᠰᠢᠳᠤᠷᠭᠤ ᠡᠪ ᠬᠠᠮᠳᠤ ᠶᠤᠰᠤᠨ ᠤᠨ ᠪᠠᠶᠢᠯᠳᠤᠭᠴᠢ ᠳ᠋ᠦᠸᠧ ᠰᠦᠩ ᠨᠢᠶᠠᠨ ᠨᠦᠬᠦᠷ ᠢ ᠳ᠋ᠠ ᠵᠢᠩ ᠮᠧᠨ ᠤ ᠬᠤᠲᠠ ᠶᠢᠨ ᠬᠠᠭᠠᠯᠭᠠᠨ ᠲᠡᠭᠡᠷ᠎ᠡ ᠬᠠᠳᠠᠵᠤ ᠠᠯᠠᠵᠠᠢ᠃ ᠳ᠋ᠦᠸᠧ ᠰᠦᠩ ᠨᠢᠶᠠᠨ ᠨᠦᠬᠦᠷ ᠪᠠᠭᠠᠳᠤᠷᠯᠢᠭ ᠢᠶᠠᠷ ᠪᠡᠶ᠎ᠡ ᠦᠷᠡᠭᠳᠡᠬᠦ ᠦᠶ᠎ᠡ ᠳᠡᠭᠡᠨ ᠬᠤᠷᠢᠨ ᠬᠤᠶᠠᠷᠬᠠᠨ ᠨᠠᠰᠤᠳᠠᠢ ᠪᠠᠶᠢᠯ᠎ᠠ᠃ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠭᠡ︾  ︵ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 1999 ᠣᠨ ᠤ ᠬᠡᠪᠯᠡᠯ︶ ᠠᠴᠠ ᠤᠷᠴᠢᠭᠤᠯᠪᠠ 
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ