ᠮᠠᠷᠳᠠᠵᠤ ᠪᠤᠯᠤᠰᠢ ᠦᠭᠡᠢ ᠲᠡᠦᠭᠡ · ᠬᠤᠪᠢᠰᠬᠠᠯᠴᠢᠳ ᠤᠨ ᠴᠠᠳᠢᠭ  — ᠯᠢ ᠢᠥᠢ ᡁᠢ
ᠨᠡᠶᠢᠲᠡᠯᠡᠭᠰᠡᠨ ᠴᠠᠭ᠄
2023/2/13
   ᠯᠢ ᠢᠥᠢ ᡁᠢ ︵1901-1927︶ ᠮᠤᠩᠭᠤᠯ ᠨᠡᠷ᠎ᠡ ᠪᠠᠲᠤᠠᠣᠷᠤᠰᠢᠨ᠎ᠠ︖᠂  ᠡᠷᠭᠦᠭᠰᠡᠨ ᠨᠡᠷ᠎ᠡ ᠷᠦᠸᠧ ᠢᠦᠢ᠂ ᠡᠷᠡᠭᠳᠡᠢ᠂ ᠮᠤᠩᠭᠤᠯ ᠦᠨᠳᠦᠰᠦᠳᠡᠨ ᠃ ᠦᠪᠦᠷ ᠮᠤᠩᠭᠤᠯ ᠤᠨ ᠲᠦᠮᠡᠳ ᠬᠤᠰᠢᠭᠤᠨ ᠤ ᠬᠦᠮᠦᠨ᠂ ᠲᠤᠭᠲᠠᠬᠤ ᠰᠢᠶᠠᠨ ᠤ ᠭᠤᠣᠯ ᠤᠨ ᠠᠮᠠ ᠶᠢᠨ ᠡᠮᠦᠨ᠎ᠡ ᠱᠤᠸᠠᠩ ᠴᠢᠶᠠᠩ ᠲᠤᠰᠬᠤᠨ ᠤ ᠨᠢᠭᠡ ᠲᠠᠷᠢᠶᠠᠴᠢᠨ ᠤ ᠭᠡᠷ ᠲᠤ ᠲᠦᠷᠦᠵᠡᠢ᠃   1910 ᠣᠨ ᠳᠤ᠂ ᠯᠢ ᠢᠥᠢ ᡁᠢ ᠲᠤᠰᠬᠤᠨ ᠤ ᠪᠠᠨ ᠭᠡᠷ ᠤᠨ ᠰᠤᠷᠭᠠᠭᠤᠯᠢ ᠳᠤ ᠰᠤᠷᠤᠯᠴᠠᠪᠠ᠃1912 ᠣᠨ ᠤ ᠨᠠᠮᠤᠷ᠂ ᠲᠤᠭᠲᠠᠬᠤ ᠰᠢᠶᠠᠨ ᠤ ᠭᠤᠣᠯ ᠤᠨ ᠠᠮᠠ ᠶᠢᠨ ᠢᠥᠢ ᠼᠠᠢ ᠪᠠᠭ᠎ᠠ ᠰᠤᠷᠭᠠᠭᠤᠯᠢ ᠳᠤ ᠰᠢᠯᠵᠢᠨ ᠰᠤᠷᠤᠯᠴᠠᠪᠠ᠃1918 ᠣᠨ ᠤ ᠨᠠᠮᠤᠷ ᠲᠦᠮᠡᠳ ᠦᠨᠳᠦᠷ ᠵᠡᠷᠭᠡ ᠶᠢᠨ ᠪᠠᠭ᠎ᠠ ᠰᠤᠷᠭᠠᠭᠤᠯᠢ ᠳᠤ ᠰᠢᠯᠭᠠᠨ ᠤᠷᠤᠵᠠᠢ᠃ ︽ᠲᠠᠪᠤᠨ ᠰᠠᠷ᠎ᠠ ᠶᠢᠨ ᠳᠦᠷᠪᠡᠨ︾ ᠤ ᠬᠦᠳᠡᠯᠭᠡᠭᠡᠨ ᠤ ᠬᠤᠭᠤᠴᠠᠭᠠᠨ ᠳᠤ ᠯᠢ ᠢᠥᠢ ᡁᠢ  ᠲᠦᠮᠡᠳ ᠦᠨᠳᠦᠷ ᠵᠡᠷᠭᠡ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠦᠳᠡᠯᠭᠡᠭᠡᠨ ᠢ ᠵᠤᠬᠢᠶᠠᠨ ᠪᠠᠶᠢᠭᠤᠯᠤᠭᠴᠢ ᠶᠢᠨ ᠨᠢᠭᠡ ᠪᠠᠶᠢᠪᠠ᠃1921 ᠣᠨ ᠤ ᠨᠠᠮᠤᠷ᠂ ᠲᠡᠷᠡ ᠭᠦᠢ ᠰᠦᠢ ᠲᠤᠮᠳᠠᠳᠤ ᠰᠤᠷᠭᠠᠭᠤᠯᠢ ᠳᠤ ᠰᠢᠯᠭᠠᠨ ᠤᠷᠤᠵᠤ᠂ 9 ᠳ᠋ᠤᠭᠡᠷ ᠰᠠᠷ᠎ᠠ ᠳᠤ ᠨᠢ ᠬᠦᠬᠡᠬᠤᠲᠠ ᠶᠢᠨ ᠰᠤᠷᠤᠭᠴᠢᠳ ᠤᠨ ᠶᠠᠫᠤᠨ ᠤ ᠪᠡᠯᠡ ᠤᠷᠤᠭᠤᠯᠤᠬᠰᠠᠨ ᠴᠠᠬᠢᠯᠭᠠᠨ ᠳ᠋ᠧᠩ ᠤᠨ ᠺᠤᠮᠫᠠᠨᠢ ᠶᠢ ᠪᠠᠯᠪᠠᠴᠢᠬᠤ ᠲᠡᠮᠡᠴᠡᠯ ᠳᠤ ᠣᠷᠤᠯᠴᠠᠨ ᠤᠳᠤᠷᠢᠳᠤᠵᠠᠢ᠃    1923 ᠣᠨ ᠤ 5 ᠳ᠋ᠤᠭᠠᠷ ᠰᠠᠷ᠎ᠠ ᠳᠤ᠂ ᠬᠥᠬᠡᠬᠤᠲᠠ ᠶᠢᠨ ᠰᠤᠷᠤᠭᠴᠢᠳ ᠤᠨ ︽ᠲᠠᠪᠤᠨ ᠰᠠᠷ᠎ᠠ ᠶᠢᠨ ᠲᠦᠷᠪᠡᠨ︾ ᠤ ᠬᠦᠳᠡᠯᠭᠡᠭᠡᠨ ᠪᠠ ︽ᠲᠠᠪᠤᠨ ᠰᠠᠷ᠎ᠠ ᠶᠢᠨ ᠲᠤᠯᠤᠭᠠᠨ︾ ᠤ ᠤᠯᠤᠰ  ᠤᠨ ᠢᠴᠢᠭᠦᠷᠢ ᠶᠢᠨ ᠡᠳᠦᠷ ᠤᠨ ᠬᠦᠳᠡᠯᠭᠡᠭᠡᠨ ᠥᠷᠨᠢᠬᠦᠯᠬᠦ ᠳᠤ ᠤᠷᠤᠯᠴᠠᠵᠤ ᠵᠤᠬᠢᠶᠠᠨ ᠪᠠᠶᠢᠭᠤᠯᠪᠠ᠃ ᠨᠠᠮᠤᠷ ᠨᠢ᠂ ᠲᠡᠷᠡ ᠪᠡᠭᠡᠵᠢᠩ ᠤᠨ ᠮᠤᠩᠭᠤᠯ ᠲᠦᠪᠡᠳ ᠰᠤᠷᠭᠠᠭᠤᠯᠢ ᠳᠤ ᠰᠢᠯᠭᠠᠨ ᠤᠷᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠨᠠᠮ ᠤᠨ ᠵᠤᠬᠢᠶᠠᠨ ᠪᠠᠶᠢᠭᠤᠯᠤᠯᠳᠠ ᠮᠤᠩᠭᠤᠯ ᠲᠥᠪᠡᠳ ᠰᠤᠷᠭᠠᠭᠤᠯᠢ ᠳᠤ ᠠᠵᠢᠯ ᠥᠷᠨᠢᠭᠦᠯᠦᠭᠰᠡᠨ ᠤ ᠲᠠᠷᠠᠭ᠎ᠠ᠂ ᠯᠢ ᠢᠥᠢ ᡁᠢ ᠬᠤᠪᠢᠰᠬᠠᠯ ᠤᠨ ᠦᠵᠡᠯ ᠰᠠᠨᠠᠭ᠎ᠠ ᠶᠢ ᠮᠠᠰᠢ ᠲᠥᠷᠭᠡᠨ ᠢᠶᠠᠷ ᠬᠦᠯᠢᠶᠡᠨ ᠠᠪᠤᠪᠠ᠃   1924 ᠤᠨ ᠤ ᠡᠬᠢᠨ ᠳᠤ᠂ ᠯᠢ ᠢᠥᠢ ᡁᠢ ᠲᠤᠮᠳᠠᠳᠤ ᠤᠯᠤᠰ ᠤᠨ ᠨᠡᠶᠢᠭᠡᠮ ᠵᠢᠷᠤᠮᠳᠤ ᠵᠠᠯᠠᠭᠤᠴᠤᠳ ᠤᠨ ᠡᠪᠯᠡᠯ ᠳᠤ ᠤᠷᠤᠵᠤ᠂ ᠤᠳᠠᠯ ᠦᠭᠡᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ  ᠪᠣᠯᠪᠠ᠃    1925 ᠣᠨ ᠤ ᠡᠬᠢᠨ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠬᠤᠷᠢᠶ᠎ᠠ ᠯᠢ ᠢᠥᠢ ᡁᠢ ᠶᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠤᠭᠤᠲᠤ ᠳᠠᠬᠢ ᠠᠵᠢᠯᠯᠠᠬᠤ ᠬᠤᠷᠢᠶ᠎ᠠ ᠶᠢᠨ ᠱᠦᠵᠢ ᠪᠠᠷ ᠲᠤᠮᠢᠯᠠᠬᠤ ᠶᠢᠨ ᠬᠠᠮᠳᠤ ᠪᠤᠭᠤᠲᠤ ᠳᠤ ᠲᠤᠮᠳᠠᠳᠤ ᠤᠯᠤᠰ ᠤᠨ ᠭᠤᠮᠢᠨᠳᠠᠩ ᠤᠨ ᠦᠪᠦᠷ ᠮᠤᠩᠭᠤᠯ ᠳᠠᠬᠢ ᠵᠢᠯᠤᠭᠤᠳᠬᠤ ᠬᠡᠯᠲᠡᠰ ᠢ ᠵᠤᠬᠢᠶᠠᠨ ᠪᠠᠶᠢᠭᠤᠯᠵᠤ᠂ ᠯᠢ ᠢᠥᠢ ᡁᠢ ᠨᠠᠮ ᠤᠨ ᠵᠢᠯᠤᠭᠤᠳᠬᠤ ᠬᠡᠯᠲᠡᠰ ᠤᠨ ᠬᠦᠢᠴᠡᠳᠭᠡᠭᠴᠢ ᠬᠡᠰᠢᠭᠦᠨ ᠤ ᠲᠤᠰᠢᠶᠠᠯ ᠢ ᠬᠠᠷᠢᠭᠤᠴᠠᠪᠠ᠃ ᠲᠡᠷᠡ ᠪᠤᠭᠤᠲᠤ ᠳᠤ ᠭᠤᠤᠯᠳᠠᠭᠤ ︽ᠮᠢᠩ ᠳ᠋ᠧ ᠭᠡᠷᠡᠯ ᠵᠢᠷᠤᠭ ᠤᠨ ᠭᠠᠵᠠᠷ︾ ᠢᠶᠠᠷ ᠬᠠᠯᠬᠠᠪᠴᠢ ᠪᠤᠯᠭᠠᠵᠤ ᠬᠤᠪᠢᠰᠬᠠᠯ ᠤᠨ ᠠᠵᠢᠯᠯᠠᠭ᠎ᠠ ᠥᠷᠨᠢᠭᠦᠯᠵᠦ  ᠪᠠᠶᠢᠵᠠᠢ᠃ 9 ᠳ᠋ᠤᠭᠡᠷ ᠰᠠᠷ᠎ᠠ ᠶᠢᠨ ᠲᠤᠮᠳᠠᠴᠢ ᠪᠠᠷ᠂ ᠲᠡᠷᠡ ᠪᠤᠭᠤᠳᠤ ᠶᠢᠨ ᠰᠢᠭᠤᠢ ᠭᠤᠤ ︵ᠪᠤᠶᠤ ᠰᠢᠭᠤᠶᠢᠳᠤ ᠭᠤᠤ᠂ ᠲᠤᠬᠠᠢ ᠶᠢᠨ ᠦᠶ᠎ᠡ ᠳᠤ ᠰᠢᠭᠤᠢᠢᠭᠤᠤ ᠭᠡᠵᠦ ᠪᠠᠶᠢᠪᠠ)ᠨᠡᠭᠦᠷᠡᠰᠦᠨ ᠠᠭᠤᠷᠬᠠᠢ ᠶᠢᠨ ᠠᠵᠢᠯᠴᠢᠨ ᠤ ᠶᠡᠭᠡ ᠠᠵᠢᠯ ᠬᠠᠶᠠᠯᠲᠠ ᠶᠢ ᠡᠬᠦᠰᠭᠡᠵᠦ᠂ ᠮᠢᠩᠭ᠎ᠠ ᠭᠠᠷᠤᠢ ᠠᠵᠢᠯᠴᠢᠨ 7 ᠡᠳᠦᠷ ᠠᠵᠢᠯ ᠬᠠᠶᠠᠵᠤ᠂ ᠠᠭᠤᠷᠬᠠᠢ ᠶᠢᠨ ᠡᠵᠡᠨ ᠳᠤ ᠲᠠᠷᠤᠯᠳᠠ ᠦᠵᠡᠭᠦᠯᠦᠨ ᠠᠵᠢᠯᠴᠢᠳ ᠤᠨ ᠪᠤᠢ ᠪᠦᠬᠦᠢ ᠱᠠᠭᠠᠷᠳᠠᠯᠭ᠎ᠠ ᠶᠢ ᠵᠦᠪᠰᠢᠶᠡᠷᠡᠭᠦᠯᠪᠡ᠃10 ᠳ᠋ᠤᠭᠠᠷ ᠰᠠᠷ᠎ᠠ ᠳᠤ᠂ ᠲᠡᠷᠡ ᠴᠢᠭᠤᠯᠤᠯᠳᠤ ᠬᠠᠭᠠᠯᠭ᠎ᠠ ᠳᠤ ᠬᠤᠷᠠᠯᠳᠤᠭᠰᠠᠨ ᠦᠪᠦᠷ ᠮᠤᠩᠭᠤᠯ ᠤᠨ ᠠᠷᠠᠳ ᠤᠨ ᠬᠤᠪᠢᠰᠬᠠᠯᠳᠤ ᠨᠠᠮ ᠤᠨ ᠨᠢᠭᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠵᠤ᠂ ᠦᠪᠦᠷ ᠮᠤᠩᠭᠤᠯ ᠤᠨ ᠠᠷᠠᠳ ᠤᠨ ᠬᠤᠪᠢᠰᠬᠠᠯᠳᠤ ᠨᠠᠮ ᠤᠨ ᠲᠥᠪ  ᠤᠨ ᠤᠷᠤᠯᠠᠭᠴᠢ ᠬᠦᠢᠴᠡᠳᠭᠡᠭᠴᠢ ᠭᠡᠰᠢᠭᠦᠨ ᠢᠶᠠᠷ ᠰᠤᠩᠭᠤᠭᠳᠠᠪᠠ᠃ ᠡᠪᠦᠯ ᠨᠢ᠂ ᠲᠡᠷᠡ ᠮᠦᠨ ᠴᠢᠭᠤᠯᠤᠯᠳᠤ ᠬᠠᠭᠠᠯᠭ᠎ᠠ ᠳᠤ ᠯᠢ ᠳ᠋ᠠ ᠵᠤᠤ ᠡᠷᠬᠢᠯᠡᠨ ᠬᠤᠷᠠᠯᠳᠤᠭᠤᠯᠤᠭᠰᠠᠨ ᠦᠪᠦᠷ ᠮᠤᠩᠭᠤᠯ ᠤᠨ ᠲᠠᠷᠢᠶᠠᠴᠢᠨ ᠠᠵᠢᠯᠴᠢᠨ ᠴᠡᠷᠢᠭ ᠤᠨ ᠶᠡᠭᠡ ᠬᠤᠯᠪᠤᠭ᠎ᠠ ᠪᠠᠶᠢᠭᠤᠯᠤᠭᠳᠠᠬᠤ ᠶᠡᠭᠡ ᠬᠤᠷᠠᠯ ᠳᠤ ᠤᠷᠤᠯᠴᠠᠵᠤ᠂ ᠲᠥᠪ ᠤᠨ ᠬᠦᠢᠴᠡᠳᠭᠡᠭᠴᠢ ᠭᠡᠰᠢᠭᠦᠨ ᠢᠶᠠᠷ ᠰᠤᠩᠭᠤᠭᠳᠠᠪᠠ᠃   1926 ᠣᠨ ᠤ 1 ᠳ᠋ᠤᠭᠡᠷ ᠰᠠᠷ᠎ᠠ ᠳᠤ᠂ ᠯᠢ ᠢᠥᠢ ᡁᠢ ᠭᠤᠸᠠᠩᠵᠸᠦ ᠳᠤ ᠬᠦᠷᠴᠦ ᠲᠤᠮᠳᠠᠳᠤ ᠤᠯᠤᠰ ᠤᠨ ᠭᠤᠮᠢᠨᠳᠠᠩ  ᠤᠨ ᠬᠤᠶᠠᠳᠤᠭᠠᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠵᠤ᠂ ᠬᠤᠷᠠᠯ ᠲᠡᠭᠡᠷ᠎ᠡ ᠦᠪᠦᠷ ᠮᠤᠩᠭᠤᠯ ᠤᠨ ᠨᠠᠮ ᠤᠨ ᠶᠠᠪᠤᠳᠠᠯ ᠤᠨ ᠲᠤᠬᠠᠢ ᠮᠡᠳᠡᠭᠦᠯᠦᠯᠲᠡ ᠬᠢᠵᠦ᠂ ᠮᠠᠥ ᠽᠧ ᠳ᠋ᠦᠩ᠂ ᠵᠸᠦ ᠡᠸ᠋ᠨ ᠯᠠᠢ᠂ ᠳ᠋ᠦᠩ ᠪᠢ ᠦ᠋ ᠵᠡᠷᠭᠡ ᠤᠯᠠᠨ ᠦᠭᠡᠶᠢᠭᠦᠦ ᠠᠩᠭᠢ ᠶᠢᠨ ᠬᠤᠪᠢᠰᠬᠠᠯᠴᠢᠳ ᠲᠠᠢ ᠠᠭᠤᠯᠵᠠᠵᠤ᠂ ᠲᠠᠷᠢᠶᠠᠴᠢᠨ ᠤ ᠬᠦᠳᠡᠯᠭᠡᠭᠡᠨ ᠤ ᠪᠤᠯᠪᠠᠰᠤᠷᠠᠯ ᠤᠨ ᠭᠠᠵᠠᠷ ᠢ ᠲᠤᠭᠤᠷᠢᠨ  ᠦᠵᠡᠪᠡ᠂ 9 ᠳ᠋ᠤᠭᠡᠷ ᠰᠠᠷ᠎ᠠ  ᠳᠤ᠂ ᠦᠪᠦᠷ ᠮᠣᠩᠭᠤᠯ ᠤᠨ ᠠᠷᠠᠳ ᠤᠨ  ᠬᠤᠪᠢᠰᠬᠠᠯᠳᠤ ᠴᠡᠷᠢᠭ ᠪᠠᠶᠢᠭᠤᠯᠤᠭᠳᠠᠭᠰᠠᠨ ᠤ ᠲᠠᠷᠠᠭ᠎ᠠ᠂ ᠯᠢ ᠢᠥᠢ ᡁᠢ ᠲᠡᠳ᠋ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠬᠠᠷᠢᠭᠤᠴᠠᠪᠠ᠃ 11 ᠳ᠋ᠤᠭᠡᠷ ᠰᠠᠷ᠎ᠠ ᠶᠢᠨ 20 ᠠᠴᠠ 23 ᠤ ᠡᠳᠦᠷ ᠪᠣᠯᠳᠠᠯ᠎ᠠ᠂ ᠲᠡᠷᠡ ᠪᠤᠭᠤᠳᠤ ᠳᠤ ᠬᠤᠷᠠᠯᠳᠤᠭᠰᠠᠨ ᠦᠪᠦᠷ ᠮᠤᠩᠭᠤᠯ ᠤᠨ ᠠᠷᠠᠳ ᠤᠨ ᠬᠤᠪᠢᠰᠬᠠᠯᠳᠤ ᠨᠠᠮ ᠤᠨ ᠶᠡᠭᠡ ᠵᠤᠤ᠂ ᠤᠯᠠᠭᠠᠨᠴᠠᠪ  ᠬᠤᠶᠠᠷ ᠠᠶᠢᠮᠠᠭ ᠤᠨ ᠲᠦᠯᠦᠭᠡᠯᠡᠭᠴᠢᠳ ᠤᠨ ᠬᠠᠮᠳᠤᠷᠠᠭᠰᠠᠨ ᠬᠤᠷᠠᠯ ᠳᠤ ᠤᠷᠤᠯᠴᠠᠵᠤ᠂ ᠦᠪᠦᠷ ᠮᠤᠩᠭᠤᠯ ᠤᠨ ᠪᠠᠷᠠᠭᠤᠨ ᠤᠷᠤᠨ ᠤ ᠮᠤᠩᠭᠤᠯ ᠦᠨᠳᠦᠰᠦᠳᠡᠨ ᠤ ᠴᠢᠯᠦᠭᠡᠯᠡᠯᠲᠡ ᠶᠢᠨ ᠬᠦᠳᠡᠯᠭᠡᠭᠡᠨ ᠢ ᠪᠠᠶᠢᠷᠢᠯᠠᠭᠤᠯᠪᠠ᠃   1927 ᠣᠨ ᠤ 7 ᠳ᠋ᠤᠭᠠᠷ ᠰᠠᠷ᠎ᠠ ᠶᠢᠨ 8 ᠤ ᠡᠳᠦᠷ᠂ ᠯᠢ ᠢᠥᠢ ᡁᠢ ᠢᠷᠭᠠᠢ ᠳᠤ ᠦᠪᠦᠷ  ᠮᠤᠩᠭᠤᠯ ᠤᠨ ᠠᠷᠠᠳ ᠤᠨ ᠬᠤᠪᠢᠰᠬᠠᠯᠳᠤ ᠨᠠᠮ ᠤᠨ ᠬᠡᠰᠡᠭ ᠲᠥᠪ ᠤᠨ ᠬᠦᠢᠴᠡᠳᠭᠡᠭᠴᠢ ᠭᠡᠰᠢᠭᠦᠨ ᠪᠠ ᠶᠡᠭᠡ ᠵᠤᠤ ᠤᠯᠠᠭᠠᠨᠴᠠᠪ ᠬᠤᠶᠠᠷ ᠠᠶᠢᠮᠠᠭ ᠤᠨ ᠲᠦᠯᠦᠭᠡᠯᠡᠭᠴᠢᠳ ᠤᠨ ᠤᠨᠴᠠᠭᠠᠢ ᠬᠤᠷᠠᠯ ᠳᠤ ᠤᠷᠤᠯᠴᠠᠵᠤ᠂ ᠵᠥᠪ ᠬᠤᠪᠢᠰᠬᠠᠯ ᠤᠨ ᠴᠢᠭᠯᠡᠯ ᠢ ᠪᠠᠷᠢᠮᠳᠠᠯᠠᠪᠠ᠃ 9 ᠳ᠋ᠤᠭᠡᠷ ᠰᠠᠷ᠎ᠠ ᠳᠤ᠂ ᠦᠪᠦᠷ ᠮᠤᠩᠭᠤᠯ ᠤᠨ ᠠᠷᠠᠳ ᠤᠨ ᠬᠤᠪᠢᠰᠬᠠᠯᠳᠤ ᠨᠠᠮ ᠤᠨ ᠪᠠᠢ ᠶᠦᠨ ᠲᠢ ᠶᠢᠨ ᠪᠠᠷᠠᠭᠤᠨᠳᠠᠨ ᠤ ᠪᠦᠯᠦᠭᠯᠡᠯ ᠨᠢᠩᠰᠢᠶᠠ ᠳᠤ ︽ᠦᠪᠦᠷ   ᠮᠤᠩᠭᠤᠯ ᠤᠨ ᠭᠤᠮᠢᠨᠳᠠᠩ ᠤᠨ ᠡᠪ ᠬᠠᠮᠳᠤ ᠨᠠᠮ ᠢ ᠡᠰᠡᠷᠭᠦᠴᠡᠬᠦ ᠲᠤᠩᠬᠠᠭ︾ ᠢ ᠨᠡᠶᠢᠳᠡᠯᠡᠨ ᠵᠦᠪᠯᠡᠯᠳᠦ ᠶᠢ ᠡᠰᠡᠷᠭᠦᠴᠡᠵᠦ ᠡᠪ ᠬᠠᠮᠳᠤ ᠨᠠᠮ ᠢ ᠡᠰᠡᠷᠭᠦᠴᠡᠬᠦ ᠪᠠᠷ ᠭᠠᠯᠵᠠᠭᠤᠷᠠᠭᠰᠠᠨ ᠮᠡᠳᠦ ᠣᠷᠢᠯᠠᠵᠤ᠂ ᠢᠯᠡ ᠪᠠᠷ ᠬᠤᠪᠢᠰᠬᠠᠯ  ᠠᠴᠠ ᠤᠷᠪᠠᠪᠠ᠃10 ᠳ᠋ᠤᠭᠠᠷ ᠰᠠᠷ᠎ᠠ ᠳᠤ᠂ ᠶᠡᠭᠡ ᠵᠤᠤ ᠠᠶᠢᠮᠠᠭ ᠲᠤ ᠮᠤᠩᠭᠤᠯ ᠦᠨᠳᠦᠰᠦᠳᠡᠨ ᠤ ᠰᠢᠯᠢᠳᠡᠭ ᠬᠦᠪᠡᠭᠦᠨ᠂ ᠦᠨᠡᠨᠴᠢ ᠰᠢᠳᠤᠷᠭᠤ ᠡᠪ ᠬᠠᠮᠳᠤ ᠶᠤᠰᠤᠨ ᠤ ᠪᠠᠶᠢᠯᠳᠤᠭᠴᠢ ᠯᠢ ᠢᠥᠢ ᡁᠢ  ᠨᠦᠬᠦᠷ ᠢ ᠬᠤᠤᠷᠯᠠᠵᠤ ᠠᠯᠠᠵᠠᠢ᠂  ᠯᠢ ᠢᠥᠢ ᡁᠢ ᠦᠷᠡᠭᠳᠡᠬᠦ ᠦᠶ᠎ᠡ ᠳᠡᠭᠡᠨ 26 ᠨᠠᠰᠤᠳᠠᠢ᠃       ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠭᠡ︾ ︵ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂1999 ᠣᠨ ᠤ ᠬᠡᠪᠯᠡᠯ︶ ᠠᠴᠠ ᠤᠷᠴᠢᠭᠤᠯᠪᠠ
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ