ᠭᠤᠤ ᠯᠢᠩ ᠫᠢᠩ ︵1908-1940︶ ᠣᠣᠯ ᠨᠡᠷ᠎ᠡ ᠭᠤᠤ ᠸᠠᠨ ᠴᠧᠩ᠂ ᠡᠷᠡᠭᠳᠡᠢ᠂ ᠬᠢᠲᠠᠳ ᠦᠨᠳᠦᠰᠦᠳᠡᠨ᠂ ᠦᠪᠦᠷ ᠮᠤᠩᠭᠤᠯ ᠤᠨ ᠶᠡᠭᠡ ᠵᠤᠤ | ᠠᠶᠢᠮᠠᠭ ᠤᠨ ᠬᠠᠩᠬᠢᠨ ᠬᠤᠰᠢᠭᠤᠨ ᠤ ᠬᠠᠩᠭᠢᠨᠨᠠᠭᠤᠷ ᠤᠨ ᠪᠣᠤ ᠸᠧᠢ ᠲᠤᠰᠬᠤᠨ ᠤ ᠬᠦᠮᠦᠨ᠃ | ᠭᠤᠤ ᠯᠢᠩ ᠫᠢᠩ 1931 ᠣᠨ ᠳᠤ ᠭᠦᠢ ᠰᠦᠢ ᠲᠤᠮᠳᠠᠳᠤ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠪᠸᠢᠢᠫᠢᠩ ᠤᠨ ᠲᠠᠷᠢᠶᠠᠯᠠᠩ ᠤᠨ ᠲᠡᠭᠡᠳᠦ | ᠰᠤᠷᠭᠠᠭᠤᠯᠢ ᠳᠤ ᠰᠢᠯᠭᠠᠨ ᠤᠷᠤᠪᠠ᠃1935 ᠤᠨ ᠳᠤ᠂ ᠲᠡᠷᠡ ᠪᠸᠢᠢᠫᠢᠩ ᠳᠤ ︽ᠠᠷᠪᠠᠨ ᠬᠤᠶᠠᠷ ᠰᠠᠷ᠎ᠠ ᠶᠢᠨ ᠶᠢᠰᠦᠨ︾ ᠤ ᠬᠦᠳᠡᠯᠭᠡᠭᠡᠨ ᠳᠤ | ᠤᠷᠤᠯᠴᠠᠬᠤ ᠦᠶ᠎ᠡ ᠳᠤ ᠪᠠᠨ ᠪᠠᠷᠢᠭᠳᠠᠵᠤ ᠬᠢᠨᠳᠠᠨ ᠳᠤ ᠤᠷᠤᠭᠰᠠᠨ ᠳᠤ ᠨᠠᠮ ᠠᠴᠠ ᠲᠡᠭᠦᠨ ᠢ ᠠᠪᠤᠷᠠᠵᠤ ᠭᠠᠷᠭᠠᠵᠠᠢ᠃ | 1936 ᠣᠨ ᠳᠤ᠂ ᠭᠤᠤ ᠯᠢᠩ ᠫᠢᠩ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠪᠠ᠃ ᠮᠦᠨ ᠲᠤᠰ ᠵᠢᠯ ᠶᠡᠭᠡ ᠰᠤᠷᠭᠠᠭᠤᠯᠢ ᠪᠠᠨ | ᠲᠡᠭᠦᠰᠦᠭᠰᠡᠨ ᠤ ᠲᠠᠷᠠᠭ᠎ᠠ ᠰᠦᠢ ᠶᠤᠸᠠᠨ ᠳᠤ ᠪᠤᠴᠠᠵᠤ ᠪᠤᠷᠤᠳᠤᠬᠠᠢ ᠶᠢᠨ ᠱᠠᠨ ᠰᠢ ᠶᠢᠨ ᠴᠡᠷᠢᠭ ᠤᠨ ᠰᠠᠭᠤᠷᠢᠰᠢᠨ ᠠᠳᠠᠷ ᠬᠠᠭᠠᠯᠪᠤᠷᠢᠯᠠᠬᠤ ᠬᠡᠷᠡᠭ ᠡᠷᠬᠢᠯᠡᠬᠦ | ᠭᠠᠵᠠᠷ ᠲᠤ ᠮᠡᠷᠭᠡᠵᠢᠯ ᠤᠨ ᠠᠵᠢᠯᠳᠠᠨ ᠢᠶᠠᠷ ᠠᠵᠢᠯᠯᠠᠵᠠᠢ᠃1937 ᠣᠨ ᠤ10 ᠳ᠋ᠤᠭᠠᠷ ᠰᠠᠷ᠎ᠠ ᠳᠤ ᠰᠦᠢ ᠶᠤᠸᠠᠨ ᠮᠤᠵᠢ ᠶᠢᠨ ᠤᠯᠤᠰ ᠠᠷᠠᠳ ᠤᠨ | ᠴᠡᠷᠢᠭ ᠤᠨ ᠨᠢᠭᠡᠳᠦᠭᠡᠷ ᠬᠤᠷᠢᠶ᠎ᠠ ᠶᠢᠨ ᠤᠯᠤᠰ ᠲᠥᠷᠥ ᠶᠢᠨ ᠪᠣᠯᠪᠠᠰᠤᠷᠠᠯ ᠤᠨ ᠭᠠᠵᠠᠷ ᠤᠯᠤᠰ ᠲᠦᠷᠥ ᠶᠢᠨ ᠰᠤᠷᠭᠠᠭᠴᠢ ᠪᠠᠷ ᠠᠵᠢᠯᠯᠠᠵᠤ᠂ ᠨᠦᠬᠦᠷ | ᠴᠡᠷᠢᠭ ᠤᠨ ᠠᠵᠢᠯ ᠢ ᠬᠢᠵᠡᠢ᠃1938 ᠣᠨ ᠤ 4 ᠳ᠋ᠤᠭᠡᠷ ᠰᠠᠷ᠎ᠠ ᠳᠤ ᠶᠠᠨ ᠠᠨ ᠳᠤ ᠪᠤᠴᠠᠪᠠ᠃ 5 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ | ᠨᠠᠮ ᠤᠨ ᠲᠥᠪ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ ᠤᠨ ᠲᠤᠬᠢᠷᠠᠭᠤᠯᠤᠯᠲᠠ ᠪᠠᠷ ᠱᠠᠨ ᠰᠢ ᠶᠢᠨ ᠴᠡᠷᠢᠭ ᠤᠨ ᠸᠠᠩ ᠵᠢᠩ ᠭᠦᠸᠧ ᠤᠨ ᠬᠡᠯᠲᠡᠰ ᠲᠤ | ᠨᠢᠭᠡᠳᠦᠮᠡᠯ ᠹᠷᠤᠨᠲ ᠤᠨ ᠠᠵᠢᠯ ᠢ ᠬᠢᠵᠦ᠂ ᠲᠠᠷᠠᠭ᠎ᠠ ᠪᠠᠷ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠱᠠᠨ ᠰᠢ ᠶᠢᠨ ᠪᠠᠷᠠᠭᠤᠨ ᠬᠤᠶᠢᠳᠤ ᠤᠷᠤᠨ ᠤ | ᠬᠤᠷᠢᠶ᠎ᠠ ᠳᠤ ᠨᠠᠷᠢᠨ ᠪᠢᠴᠢᠭᠡᠴᠢ ᠶᠢᠨ ᠲᠤᠰᠢᠶᠠᠯ ᠢ ᠬᠠᠷᠢᠭᠤᠴᠠᠵᠠᠢ᠃ | 1939 ᠣᠨ ᠳᠤ ᠨᠠᠢᠮᠠᠳᠤᠭᠠᠷ ᠵᠠᠮ ᠤᠨ ᠴᠡᠷᠢᠭ ᠤᠨ ᠲᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠢᠨ ᠲᠣᠮᠢᠯᠠᠯᠲᠠ ᠪᠠᠷ ᠭᠤᠤ ᠯᠢᠩ | ᠫᠢᠩ ᠲᠦᠮᠡᠳ ᠤᠨ ᠲᠠᠯ᠎ᠠ ᠳᠤ ᠬᠦᠷᠴᠦ ᠤᠯᠠᠨ ᠲᠦᠮᠡᠨᠴᠢ ᠴᠢᠨᠠᠷᠳᠠᠢ ᠶᠠᠫᠤᠨ ᠢ ᠡᠰᠡᠷᠭᠦᠴᠡᠬᠦ ᠠᠵᠢᠯ ᠪᠠ ᠤᠯᠤᠰ ᠲᠥᠷᠥ ᠶᠢᠨ ᠪᠠᠶᠢᠭᠤᠯᠤᠯᠲᠠ ᠶᠢᠨ ᠠᠵᠢᠯ ᠢ | ᠬᠢᠪᠡ᠃ ᠭᠤᠤ ᠯᠢᠩ ᠫᠢᠩ ᠭᠤᠤᠯᠳᠠᠭᠤ ᠬᠦᠬᠡᠬᠤᠲᠠ ᠠᠴᠠ ᠪᠠᠷᠠᠭᠤᠨᠰᠢᠬᠢ ᠱᠠᠩᠳᠠ ᠤᠷᠴᠢᠮ ᠢᠶᠠᠷ ᠠᠵᠢᠯᠯᠠᠭ᠎ᠠ ᠶᠠᠪᠤᠭᠤᠯᠵᠤ ᠪᠠᠶᠢᠵᠠᠢ᠃ | 1940 ᠣᠨ ᠤ ᠡᠬᠢ ᠪᠠᠷ᠂ ᠭᠤᠤ ᠯᠢᠩ ᠫᠢᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠲᠠᠬᠤ ᠰᠢᠶᠠᠨ ᠤ ᠠᠵᠢᠯᠯᠠᠬᠤ ᠬᠤᠷᠢᠶ᠎ᠠ ᠶᠢᠨ | ᠱᠦᠵᠢ ᠶᠢᠨ ᠲᠤᠰᠢᠶᠠᠯ ᠢ ᠬᠠᠷᠢᠭᠤᠴᠠᠵᠤ᠂ ᠱᠠᠩᠳᠠ᠂ ᠯᠤᠤᠰ᠂ ᠪᠤᠳᠤᠩ ᠭᠤᠣᠯ᠂ ᠵᠤ ᠲᠡᠭᠡᠷ᠎ᠡ᠂ ᠠᠮᠢᠨ᠂ ᠶᠧ ᠴᠠᠩ᠂ ᠯᠠᠮᠠ ᠶᠢᠨ ᠠᠶᠢᠯ᠂ ᠴᠣᠬᠤᠷ᠂ | ᠲᠠᠯᠢᠪᠠᠷ ᠵᠡᠷᠭᠡ ᠲᠤᠰᠬᠤᠨ ᠢᠶᠠᠷ ᠭᠤᠣᠯ ᠠᠵᠢᠯᠯᠠᠭᠠᠨ ᠤ ᠤᠷᠤᠨ ᠢᠶᠠᠨ ᠪᠤᠯᠭᠠᠵᠤ᠂ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠡᠪᠯᠡᠯ ᠪᠠ ᠫᠠᠷᠲ᠋ᠢᠽᠠᠨ | ᠠᠩᠭᠢ ᠶᠢ ᠨᠢᠭᠤᠴᠠ ᠪᠠᠷ ᠵᠤᠬᠢᠶᠠᠨ ᠪᠠᠶᠢᠭᠤᠯᠵᠤ᠂ ᠲᠠᠷᠢᠶᠠᠴᠢᠳ ᠢ ᠵᠤᠬᠢᠶᠠᠨ ᠪᠠᠶᠢᠭᠤᠯᠤᠨ ᠵᠠᠯᠢᠬᠠᠢ ᠶᠢ ᠠᠷᠢᠯᠭᠠᠵᠤ ᠲᠠᠩᠨᠠᠭᠤᠯ ᠢ ᠡᠰᠡᠷᠭᠦᠴᠡᠬᠦ᠂ ᠤᠷᠢᠶ᠎ᠠ | ᠯᠤᠽᠦ᠋ᠩ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠴᠠ ᠮᠡᠳᠡᠭᠡ ᠴᠤᠭᠯᠠᠭᠤᠯᠬᠤ ᠪᠠ ᠲᠠᠮᠵᠢᠭᠤᠯᠬᠤ᠂ ᠡᠳ᠋ ᠪᠤᠳᠠᠰ ᠬᠤᠷᠢᠶᠠᠨ | ᠴᠤᠭᠯᠠᠭᠤᠯᠬᠤ ᠵᠡᠷᠭᠡ ᠠᠵᠢᠯᠯᠠᠭ᠎ᠠ ᠶᠢ ᠶᠠᠪᠤᠭᠤᠯᠵᠤ ᠪᠠᠶᠢᠵᠠᠢ᠃ ᠤᠯᠠᠨ ᠲᠦᠮᠡᠨ ᠢ ᠬᠦᠢᠴᠡᠳ ᠲᠠᠶᠢᠴᠢᠯᠠᠭᠰᠠᠨ ᠰᠠᠭᠤᠷᠢᠨ ᠲᠡᠭᠡᠷ᠎ᠡ ᠪᠠᠰᠠ ᠢᠳᠡᠪᠬᠢᠲᠡᠨ ᠢ | ᠬᠦᠮᠦᠵᠢᠬᠦᠯᠵᠦ ᠨᠠᠮ ᠤᠨ ᠭᠡᠰᠢᠭᠦᠨ ᠪᠤᠯᠭᠠᠨ᠂ ᠦᠨᠳᠦᠰᠦᠨ ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠪᠠ᠃ ᠭᠤᠤ ᠯᠢᠩ ᠫᠢᠩ ᠪᠠᠰᠠ ᠨᠢᠭᠡ | ᠪᠦᠯᠦᠭ ᠢᠳᠡᠪᠬᠢᠲᠡᠨ ᠢ ᠲᠠᠭᠠᠭᠤᠯᠵᠤ ᠲᠠᠯᠠᠨ ᠬᠠᠷ᠎ᠠ ᠠᠭᠤᠯᠠᠨ ᠲᠡᠭᠡᠷ᠎ᠡ ᠭᠠᠷᠴᠤ᠂ ᠺᠠᠳ᠋ᠷᠴᠤᠳ ᠤᠨ ᠪᠤᠯᠪᠠᠰᠤᠷᠠᠭᠤᠯᠤᠯ ᠤᠨ ᠠᠩᠭᠢ ᠳᠤ ᠤᠷᠤᠯᠴᠠᠭᠤᠯᠵᠤ᠂ | ᠨᠠᠮ ᠳᠤ ᠺᠠᠳ᠋ᠷ ᠬᠦᠮᠦᠵᠢᠬᠦᠯᠵᠦ ᠦᠭᠴᠡᠢ᠃7 ᠳ᠋ᠤᠭᠠᠷ ᠰᠠᠷ᠎ᠠ ᠳᠤ ᠤᠷᠪᠠᠭᠴᠢ ᠬᠤ᠋ ᠯᠢᠶᠠᠩ ᠲᠠᠶᠢᠰᠤᠨ ᠲᠠᠢ ᠰᠦᠯᠪᠡᠭᠡᠯᠳᠦᠵᠦ ᠯᠤᠤᠰ ᠲᠤᠰᠬᠤᠨ ᠳᠤ ᠭᠤᠤ | ᠯᠢᠩ ᠫᠢᠩ ᠢ ᠪᠠᠷᠢᠵᠤ ᠠᠪᠤᠭᠠᠳ ᠠᠮᠢᠳᠤ ᠪᠠᠷ ᠨᠢ ᠪᠣᠯᠠᠵᠤ᠂ ᠲᠤᠭᠲᠠᠬᠤ ᠰᠢᠶᠠᠨ ᠤ ᠨᠠᠮ ᠤᠨ ᠠᠵᠢᠯᠯᠠᠬᠤ ᠬᠤᠷᠢᠶ᠎ᠠ ᠬᠦᠨᠳᠦ ᠨᠤᠴᠢᠳᠠᠢ ᠡᠪᠳᠡᠭᠳᠡᠪᠡ᠃ | ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠭᠡ︾ ︵ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂1999 | ᠣᠨ ᠤ ᠬᠡᠪᠯᠡᠯ︶ ᠠᠴᠠ ᠤᠷᠴᠢᠭᠤᠯᠪᠠ | |