ᠭᠡᠷ ᠲᠡᠭᠡᠨ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠶ᠎ᠠ
ᠨᠡᠶᠢᠲᠡᠯᠡᠭᠰᠡᠨ ᠴᠠᠭ᠄
2023/2/15
20230215-2.jpg
      ᠣᠶᠢᠷ᠎ᠠ ᠳᠤ᠂  ᠡᠪ ᠬᠠᠮᠲᠤ ᠵᠠᠯᠠᠭᠤᠴᠤᠳ ᠤᠨ ᠡᠪᠯᠡᠯ ᠤᠨ ᠬᠦᠬᠡᠬᠤᠲᠠ ᠶᠢᠨ ᠬᠤᠷᠢᠶ᠎ᠠ ᠠᠴᠠ ᠰᠢᠨ᠎ᠡ ᠬᠤᠲᠠ ᠲᠣᠭᠤᠷᠢᠭ ᠤᠨ ᠡᠪᠯᠡᠯ ᠤᠨ ᠬᠤᠷᠢᠶ᠎ᠠ ᠲᠠᠢ ᠬᠠᠮᠲᠤᠷᠠᠨ᠂ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠭᠡᠷ ᠲᠡᠭᠡᠨ ᠬᠤᠴᠣᠷᠤᠭᠰᠠᠨ ᠬᠡᠦᠬᠡᠳ ᠤᠨ ᠭᠡᠷ ᠪᠦᠯᠢ ᠳᠤ ᠬᠦᠷᠴᠦ᠂ ︽ᠭᠠᠷ ᠢᠶᠠᠨ ᠬᠤᠯᠪᠣᠨ ᠬᠡᠦᠬᠡᠳ ᠤᠨ ᠰᠡᠳᠬᠢᠯ ᠢ ᠳᠤᠯᠠᠭᠠᠴᠠᠭᠤᠯᠵᠤ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠭᠡᠷ ᠲᠡᠭᠡᠨ ᠬᠤᠴᠣᠷᠤᠭᠰᠠᠨ ᠬᠡᠦᠬᠡᠳ ᠲᠠᠢ ᠰᠠᠨᠠᠭ᠎ᠠ ᠪᠣᠳᠣᠯ ᠢᠶᠠᠨ ᠭᠦᠨᠵᠡᠭᠡᠢ ᠰᠣᠯᠢᠯᠴᠠᠵᠤ᠂ ᠬᠡᠦᠬᠡᠳ ᠤᠳ ᠲᠤ ᠬᠢᠴᠢᠶᠡᠯ ᠰᠤᠷᠤᠯᠭ᠎ᠠ ᠶᠢᠨ ᠵᠢᠯᠣᠭᠤᠳᠤᠯᠭ᠎ᠠ ᠬᠢᠵᠦ᠂ ᠪᠢᠴᠢᠭ ᠤᠨ ᠬᠡᠷᠡᠭᠰᠡᠯ ᠵᠡᠷᠭᠡ ᠶᠢ ᠬᠠᠨᠳᠢᠪᠯᠡᠵᠤ᠂ ᠲᠡᠳᠡᠨ ᠢ ᠬᠦᠴᠢᠷ ᠪᠡᠷᠬᠡᠰᠢᠶᠡᠯ ᠳᠤ ᠵᠣᠷᠢᠭᠲᠠᠢ ᠬᠠᠨᠳᠤᠵᠤ᠂ ᠠᠮᠢᠳᠤᠷᠠᠯ ᠤᠨ ᠳᠤᠮᠳᠠ ᠪᠠᠨ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠬᠤᠵᠢᠮ ᠡᠯ᠎ᠡ ᠠᠵᠢᠯ ᠲᠥᠷᠥᠯ ᠤᠨ ᠰᠢᠯᠢᠳᠡᠭ ᠴᠢᠳᠠᠪᠤᠷᠢᠲᠠᠨ ᠪᠣᠯᠤᠭᠠᠷᠠᠢ ᠭᠡᠵᠦ ᠵᠣᠷᠢᠭᠵᠢᠭᠤᠯᠵᠠᠢ᠃ ᠰᠤᠷᠪᠤᠯᠵᠢᠯᠠᠭᠴᠢ ᠯᠢᠦᠢ ᠬᠤᠢ ᠱᠧᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ