ᠬᠥᠬᠡᠬᠤᠲᠠ ᠶᠢᠨ ᠲᠡᠭᠦᠷᠭᠡ ᠶᠢᠨ ᠵᠢᠭᠤᠯᠴᠢᠯᠠᠯ ᠤᠨ ᠦᠵᠡᠮᠵᠢᠲᠦ ᠣᠷᠣᠨ
ᠨᠡᠶᠢᠲᠡᠯᠡᠭᠰᠡᠨ ᠴᠠᠭ᠄
2023/2/16
      ᠰᠤᠷᠪᠤᠯᠵᠢᠯᠠᠭᠴᠢ  ᠭᠤᠤ ᠬᠤᠩ ᠯᠢᠶᠠᠨ  ᠴᠣᠪᠣᠭᠤ      ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ ᠶᠢ ᠳᠠᠶᠢᠴᠢᠯᠠᠬᠤ ᠪᠠᠷ ᠡᠭᠦᠷᠭᠡ ᠪᠤᠯᠭᠠᠨ᠂ ᠵᠢᠭᠤᠯᠴᠢᠯᠠᠯ ᠤᠨ ᠤᠷᠤᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠡᠵᠡᠩᠨᠡᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠤ᠂ ᠬᠦᠬᠡᠬᠤᠲᠠ ︽ᠤᠷᠤᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠦᠪ︾ ᠪᠠ ︽ᠵᠢᠭᠤᠯᠴᠢᠯᠠᠬᠤ ᠳᠤ ᠲᠤᠬᠢᠷᠠᠮᠵᠢᠲᠠᠢ︾ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠤᠯᠠᠮ ᠨᠢᠭᠡᠠᠯᠬᠤᠮ ᠳᠡᠰ ᠳᠡᠪᠰᠢᠭᠦᠯᠬᠦ ᠶᠢᠨ ᠲᠥᠯᠥᠭᠡ ᠠᠯᠢ ᠣᠯᠠᠨ ᠵᠢᠭᠤᠯᠴᠢᠯᠠᠯ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ ᠪᠠᠶᠢᠨ᠎ᠠ᠃ ᠡᠭᠦᠨ ᠤ ᠳᠣᠲᠣᠷ᠎ᠠ ᠬᠦᠬᠡᠬᠤᠳᠠ ᠶᠢᠨ ᠴᠡᠯᠡᠭᠡᠷ ᠲᠠᠯ᠎ᠠ ᠰᠤᠶᠤᠯ ᠵᠢᠭᠤᠯᠴᠢᠯᠠᠯ ᠤᠨ ᠤᠨᠴᠠᠯᠢᠬᠳᠤ ᠪᠠᠯᠭᠠᠰᠤ᠂ ᠶᠡᠭᠡ ᠲᠦᠷᠭᠡᠨ ᠭᠤᠤᠯ ᠤᠨ ᠦᠵᠡᠮᠵᠢ ᠶᠢᠨ ᠪᠦᠰᠡ᠂ ᠮᠠ ᠽᠦᠩ ᠱᠠᠨ ᠤ ᠴᠡᠨᠡᠯᠡᠯᠲᠡ ᠶᠢᠨ ᠲᠠᠯᠠᠪᠠᠢ ᠵᠡᠷᠭᠡ ᠰᠤᠶᠤᠯ ᠵᠢᠭᠤᠯᠴᠢᠯᠠᠯ ᠤᠨ ᠤᠷᠤᠨ ᠨᠡᠯᠢᠶᠡᠳ ᠣᠨᠴᠠᠯᠠᠭᠳᠠᠵᠤ ᠪᠤᠢ᠃
 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ