ᠮᠠᠨ ᠤ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠵᠠᠯᠭᠠᠭ᠎ᠠ ᠪᠠᠷ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2023/2/16
      ︵ᠰᠤᠷᠪᠤᠯᠵᠢᠯᠠᠭᠴᠢ ᠮᠢᠶᠣᠣ ᠴᠢᠩ︶ 2 ᠳ᠋ᠤᠭᠠᠷ ᠰᠠᠷ᠎ᠠ ᠶᠢᠨ 15 ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠮᠡᠳᠡᠭᠡ ᠨᠡᠶᠢᠲᠡᠯᠡᠵᠦ᠂ ᠮᠠᠨ ᠤ ᠬᠤᠲᠠ ᠶᠢᠨ ᠡᠯ᠎ᠡ ᠭᠠᠵᠠᠷ ᠣᠷᠣᠨ ᠡᠯ᠎ᠡ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠪᠦᠯᠦᠭ ᠬᠤᠪᠢᠶᠠᠬᠤ᠂ ᠴᠠᠭ ᠵᠥᠷᠢᠭᠦᠯᠬᠦ᠂ ᠡᠮᠬᠢ ᠵᠢᠷᠤᠮ ᠲᠠᠢ︾ ᠵᠠᠷᠴᠢᠮ ᠶᠣᠰᠣᠭᠠᠷ᠂ ᠵᠠᠯᠭᠠᠭ᠎ᠠ ᠪᠠᠷ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠪᠡ᠃ ᠮᠠᠨ ᠤ ᠬᠤᠲᠠ ᠶᠢᠨ ᠳᠡᠭᠡᠳᠦ ᠳᠤᠮᠳᠠᠳᠤ ᠶᠢᠨ ᠭᠤᠷᠪᠠᠳᠤᠭᠠᠷ ᠣᠨ 1 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠬᠢᠯᠡᠨ ᠨᠢᠭᠡᠨᠲᠡ ᠬᠢᠴᠢᠶᠡᠯ ᠢᠶᠠᠨ ᠰᠡᠷᠭᠦᠭᠡᠪᠡ︔ ᠳᠡᠭᠡᠳᠦ ᠳᠤᠮᠳᠠᠳᠤ ᠶᠢᠨ ᠨᠢᠭᠡᠳᠦᠭᠡᠷ ᠣᠨ᠂ ᠳᠡᠭᠡᠳᠦ ᠳᠤᠮᠳᠠᠳᠤ ᠶᠢᠨ ᠬᠤᠶᠠᠳᠤᠭᠠᠷ ᠣᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ 2 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ ᠬᠢᠴᠢᠶᠡᠯ ᠢᠶᠠᠨ ᠰᠡᠷᠭᠦᠭᠡᠪᠡ︔ ᠪᠤᠰᠤᠳ ᠰᠤᠷᠤᠯᠭ᠎ᠠ ᠶᠢᠨ ᠱᠠᠲᠤ ︵ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠣᠨ᠂ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠠᠭᠲᠠᠨ᠎ᠠ︶ 2 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠨ ᠬᠢᠴᠢᠶᠡᠯ ᠢᠶᠠᠨ ᠰᠡᠷᠭᠦᠭᠡᠨ᠎ᠡ᠃      ᠣᠶᠢᠯᠠᠭᠠᠭᠰᠠᠨ ᠢᠶᠠᠷ᠂ ᠰᠤᠷᠤᠭᠴᠢᠳ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ ᠠᠯᠢ ᠲᠦᠷᠭᠡᠨ ᠢᠶᠠᠷ ᠰᠤᠷᠭᠠᠭᠤᠯᠢ ᠶᠢᠨ ᠠᠮᠢᠳᠤᠷᠠᠯ ᠳᠤ ᠳᠠᠳᠬᠠᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠣᠯᠠᠨ ᠲᠠᠯ᠎ᠠ ᠠᠴᠠ ᠰᠠᠨᠠᠯ ᠬᠤᠷᠢᠶᠠᠵᠤ᠂ ᠶᠡᠷᠦᠩᠬᠡᠶᠢᠯᠡᠨ ᠵᠠᠳᠠᠯᠵᠤ ᠦᠨᠡᠯᠡᠭᠰᠡᠨ ᠤ ᠳᠠᠷᠠᠭ᠎ᠠ ᠮᠠᠨ ᠤ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠠᠢ᠃      ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠱᠠᠭᠠᠷᠳᠠᠭᠰᠠᠨ ᠨᠢ᠂ ᠡᠯ᠎ᠡ ᠰᠤᠷᠭᠠᠭᠤᠯᠢ ᠨᠤᠭᠤᠳ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠬᠦ ᠠᠵᠢᠯ ᠢ ᠢᠳᠡᠪᠬᠢᠲᠡᠢ ᠪᠠᠶᠢᠷᠢᠯᠠᠭᠤᠯᠵᠤ᠂ ᠪᠠᠭᠰᠢ ᠠᠵᠢᠯᠲᠠᠨ ᠢ ᠤᠷᠢᠳᠴᠢᠯᠠᠨ ᠵᠣᠬᠢᠶᠠᠨ ᠪᠠᠶᠢᠭᠤᠯᠤᠨ ᠠᠵᠢᠯ ᠤᠨ ᠪᠠᠶᠢᠷᠢᠨ ᠳᠤᠨᠢ ᠬᠦᠷᠭᠡᠵᠦ᠂ ᠵᠢᠭᠠᠬᠤ ᠮᠠᠲ᠋ᠧᠷᠢᠶᠠᠯ ᠢ ᠴᠠᠭ ᠲᠤᠬᠠᠢ ᠳᠤᠨᠢ ᠲᠠᠷᠬᠠᠭᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠦᠷᠢᠨ ᠭᠦᠢᠴᠡᠳ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠤᠷᠭᠠᠭᠤᠯᠢ ᠨᠤᠭᠤᠳ ᠰᠤᠷᠤᠭᠴᠢᠳ ᠤᠨ ᠪᠡᠶ᠎ᠡ ᠮᠠᠬᠠᠪᠤᠳ ᠤᠨ ᠪᠠᠶᠢᠳᠠᠯ᠂ ᠠᠵᠢᠯᠯᠠᠵᠤ ᠠᠮᠠᠷᠠᠬᠤ ᠴᠠᠭ ᠵᠡᠷᠭᠡ ᠬᠦᠴᠦᠨ ᠵᠦᠢᠯ ᠢ ᠬᠤᠷᠢᠶᠠᠩᠭᠤᠶᠢᠯᠠᠨ ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠥᠯᠥᠪᠯᠡᠭᠡ ᠶᠢ ᠬᠦᠮᠦᠡᠯᠢᠭ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠬᠢᠷᠠᠭᠤᠯᠵᠤ᠂ ᠵᠢᠭᠠᠨ ᠰᠤᠷᠭᠠᠯᠲᠠ ᠶᠢᠨ ᠠᠭᠤᠯᠭ᠎ᠠ ᠶᠢᠨ ᠬᠡᠮᠵᠢᠶ᠎ᠡ ᠪᠠ ᠵᠢᠭᠠᠨ ᠰᠤᠷᠭᠠᠯᠲᠠ ᠶᠢᠨ ᠴᠠᠭ ᠢ ᠵᠣᠬᠢᠰᠲᠠᠢ ᠪᠠᠶᠢᠯᠭᠠᠬᠤ ᠬᠡᠷᠡᠭᠲᠡᠢ︔ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠠᠯᠬᠤᠮ ᠳᠠᠷᠠᠭ᠎ᠠ ᠲᠠᠢ ᠵᠣᠬᠢᠶᠠᠨ ᠪᠠᠶᠢᠭᠤᠯᠵᠤ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠬᠢᠷᠢ ᠲᠦᠪᠰᠢᠨ ᠢ ᠴᠢᠩᠭᠠᠳᠬᠠᠬᠤ ᠬᠡᠷᠡᠭᠲᠡᠢ︔ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ