ᠬᠤᠲᠠ ᠶᠢᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠲᠦᠯᠬᠢᠨ ᠠᠬᠢᠭᠤᠯᠬᠤ ᠲᠤᠰᠬᠠᠢ ᠠᠩᠭᠢ ᠶᠢᠨ 2023 ᠣᠨ ᠤ ᠠᠩᠬᠠᠳᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/17
ᠴᠠᠩ ᠫᠧᠢ ᠵᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠯᠢᠦ ᠬᠤᠢ ᠬᠤᠢ︶ 2 ᠳ᠋ᠤᠭᠠᠷ ᠰᠠᠷ᠎ᠠ ᠶᠢᠨ 16 ᠤ ᠡᠳᠦᠷ᠂ ᠬᠥᠬᠡᠬᠤᠲᠠ ᠶᠢᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠲᠦᠯᠬᠢᠨ ᠠᠬᠢᠭᠤᠯᠬᠤ ᠲᠤᠰᠬᠠᠢ ᠠᠩᠭᠢ ᠶᠢᠨ 2023 ᠣᠨ ᠤ ᠠᠩᠬᠠᠳᠤᠭᠠᠷ ᠤᠳᠠᠭ᠎ᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠬᠤᠲᠠ ᠶᠢᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠲᠦᠯᠬᠢᠨ ᠠᠬᠢᠭᠤᠯᠬᠤ ᠳᠤᠭᠤᠶᠢᠯᠠᠩ ᠤᠨ ᠳᠠᠷᠤᠭ᠎ᠠ ᠴᠠᠩ ᠫᠧᠢ ᠵᠥᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠦᠸᠧ ᡁᠢ ᠭᠠᠩ᠂ ᠨᠠᠷᠢᠨ ᠪᠢᠴᠢᠭ ᠤᠨ ᠳᠠᠷᠤᠭ᠎ᠠ ᠰᠢᠩ ᠵᠢᠶᠦ᠋ᠨ ᠫᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠵᠠᠷ ᠣᠷᠣᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃      ᠬᠤᠲᠠ ᠶᠢᠨ ᠪᠣᠬᠢᠷᠳᠤᠯ ᠦᠭᠡᠢ ᠮᠠᠯ ᠤᠨ ᠠᠰᠢᠭ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ 2023 ᠣᠨ ᠤ 94 ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠴᠠᠩ ᠫᠧᠢ ᠵᠦᠩ ᠬᠡᠯᠡᠭᠰᠡᠨ  ᠨᠢ᠂ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠪᠣᠯᠣᠨ ᠮᠠᠨ ᠤ ᠬᠤᠳᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠱᠠᠭᠠᠷᠳᠠᠯᠭ᠎ᠠ ᠶᠣᠰᠣᠭᠠᠷ᠂ ᠲᠠᠨᠢᠯᠲᠠ ᠪᠠᠨ ᠳᠡᠭᠡᠭᠰᠢᠯᠡᠭᠦᠯᠵᠦ᠂ ᠠᠵᠠ ᠲᠣᠬᠢᠶᠠᠯ ᠢ ᠠᠮᠵᠢᠵᠤ᠂ ᠭᠤᠣᠯᠳᠠᠯᠭ᠎ᠠ ᠶᠢ ᠲᠤᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ