ᠰᠢᠨᠵᠢᠯᠡᠬᠦ ᠤᠬᠠᠭᠠᠨ ᠮᠡᠷᠭᠡᠵᠢᠯ ᠤᠨ ᠭᠠᠶᠢᠬᠠᠮᠰᠢᠭ ᠢ ᠣᠶᠢᠯᠠᠭᠠᠶ᠎ᠠ
ᠨᠡᠶᠢᠲᠡᠯᠡᠭᠰᠡᠨ ᠴᠠᠭ᠄
2023/2/17
20230217.jpg
      2 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠡᠪᠯᠡᠯ ᠤᠨ ᠬᠤᠷᠢᠶ᠎ᠠ ᠠᠴᠠ ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠳᠤᠩ ᠠᠷᠠᠳ ᠤᠨ ᠲᠣᠭᠤᠷᠢᠭ ᠤᠨ ᠰᠢ ᠲᠢᠶᠧ ᠨᠡᠶᠢᠭᠡᠮ ᠲᠣᠭᠤᠷᠢᠭ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠶᠢᠬᠠᠮᠰᠢᠭ ᠢ ᠣᠶᠢᠯᠠᠭᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ ᠠᠴᠠ ᠠᠵᠢᠯᠯᠠᠭ᠎ᠠ ᠳᠤ ᠣᠷᠣᠯᠴᠠᠭᠰᠠᠨ ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠳᠠᠭᠠᠭᠤᠯᠤᠨ ︽ᠭᠡᠷᠡᠯ ᠰᠡᠭᠦᠳᠡᠷ ᠤᠨ ᠠᠬᠤᠢ ᠣᠷᠴᠢᠨ ᠳᠤ ᠠᠭᠤᠰᠬᠤ ᠮᠠᠶ᠋ᠢᠭ ᠤᠨ ᠪᠡᠶᠡᠴᠢᠯᠡᠨ ᠣᠶᠢᠯᠠᠭᠠᠬᠤ ᠦᠵᠡᠭᠦᠯᠦᠯᠭᠡ︾᠂ ︽ᠣᠷᠴᠢᠯᠠᠩ ᠬᠢᠭᠡᠳ ᠰᠠᠨᠰᠠᠷ ᠤᠨ ᠠᠶᠠᠯᠠᠯ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠢᠷᠡᠭᠡᠳᠦᠢ︾ ᠭᠤᠣᠯ ᠰᠡᠳᠦᠪᠲᠦ ᠦᠵᠡᠭᠦᠯᠦᠯᠭᠡ ᠶᠢᠨ ᠲᠢᠩᠬᠢᠮ ᠵᠡᠷᠭᠡ ᠶᠢ ᠲᠣᠭᠤᠷᠢᠨ ᠦᠵᠡᠵᠦ᠂ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ ᠠᠶᠠᠯᠠᠯ ᠢ ᠡᠬᠢᠯᠡᠭᠦᠯᠵᠡᠢ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ