ᠬᠤᠲᠣᠩ ᠠᠷᠠᠳ ᠤᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠦᠨᠳᠦᠰᠦᠨ ᠱᠠᠲᠤ ᠳᠠᠰᠢ ᠥᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2023/2/2
20230202.jpg
      ︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠹᠧᠢ ᠵᠢᠤᠸᠠᠨ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠪᠣᠭᠤᠮᠢ ᠶᠢ ᠪᠦᠲᠦᠮᠵᠢᠲᠡᠶ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠣᠨ ᠭᠤᠶᠤᠴᠢᠯᠠᠭᠴᠢ ᠶᠢ ᠵᠠᠪᠰᠠᠷ ᠦᠭᠡᠢ ᠣᠶᠢᠷᠠᠲᠤᠭᠤᠯᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠨᠡ ᠵᠢᠯ ᠠᠴᠠ ᠨᠠᠰᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠢᠯ ᠤᠨ ᠡᠬᠢᠨ ᠳᠤ ᠡᠵᠡᠩᠨᠡᠯᠲᠡ ᠶᠢᠨ ᠦᠨᠡᠮᠯᠡᠯ ᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠦᠨᠳᠦᠰᠦᠨ ᠱᠠᠲᠤᠨ ᠲᠡᠰᠢ ᠥᠷᠭᠡᠳᠬᠡᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠦᠮ ᠤᠨ ᠪᠠᠶᠢᠰᠢᠩ ᠪᠠᠯᠭᠠᠰᠤ ᠪᠣᠯᠣᠨ ᠵᠡᠭᠡᠯᠢ ᠭᠤᠳᠣᠮᠵᠢ ᠪᠠᠯᠭᠠᠰᠤ ᠶᠢᠨ ᠲᠤᠬᠠᠶᠢᠯᠠᠭᠰᠠᠨ ᠠᠵᠢᠯ ᠤᠨ ᠠᠵᠢᠯᠲᠠᠨ᠂ ᠨᠡᠶᠢᠭᠡᠮ ᠲᠣᠭᠤᠷᠢᠭ ᠤᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠴᠣᠩᠬᠤᠨ ᠤ ᠲᠤᠰᠬᠠᠢ ᠲᠤᠰᠢᠶᠠᠯᠲᠠᠨ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠲᠣᠭᠤᠷᠢᠭ᠂ ᠶᠦᠮ ᠤᠨ ᠪᠠᠶᠢᠰᠢᠩ ᠪᠠᠯᠭᠠᠰᠤ ᠶᠢᠨ ᠡᠯ᠎ᠡ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ ᠲᠣᠭᠤᠷᠢᠭ ︵ᠲᠣᠰᠬᠤᠨ ᠤ ᠠᠷᠠᠳ ᠤᠨ ᠵᠥᠪᠯᠡᠯ︶ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ︽ᠭᠤᠯᠳᠤ ᠪᠠᠷ ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠠᠵᠢᠯ ᠤᠨ ᠪᠠᠶᠢᠷᠢᠰᠢᠯ ᠢ ᠴᠢᠷᠮᠠᠶᠢᠨ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠬᠢᠨ ᠢᠶᠠᠷ ᠨᠡᠮᠡᠭᠳᠡᠭᠦᠯᠬᠦ ᠠᠵᠢᠯ ᠢ ᠢᠳᠡᠪᠬᠢᠲᠡᠢ ᠠᠬᠢᠭᠤᠯᠪᠠ᠃      ᠭᠤᠶᠤᠴᠢᠯᠠᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠡᠰᠡᠭ ᠪᠤᠶᠤ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠭᠤᠭᠴᠤᠭ᠎ᠠ ᠬᠤᠪᠢᠶᠠᠨ᠂ ᠱᠠᠲᠤ ᠬᠤᠪᠢᠶᠠᠨ ᠬᠠᠩᠭᠠᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠵᠠᠷᠤᠴᠠᠭᠤᠯᠬᠤ ᠴᠠᠭ ᠨᠢ ᠣᠷᠳᠣ᠂ ᠭᠤᠶᠤᠴᠢᠯᠠᠭᠴᠢ ᠶᠢᠨ ︽ᠣᠯᠠᠨ ᠭᠠᠵᠠᠷ ᠭᠦᠶᠦᠬᠦ︾ ︽ᠣᠯᠠᠨ ᠤᠳᠠᠭ᠎ᠠ ᠭᠦᠶᠦᠬᠦ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠵᠤ ᠠᠬᠤᠶᠢᠯᠠᠯ ᠪᠠ ᠣᠯᠠᠨ ᠲᠦᠮᠡᠨ ᠤ ᠡᠭᠦᠷᠭᠡᠯᠡᠬᠦ ᠪᠠᠷ ᠲᠣᠳᠣᠷᠬᠠᠶᠢᠯᠠᠭᠰᠠᠨ ᠵᠠᠷᠤᠳᠠᠯ ᠠᠴᠠ ᠭᠠᠳᠠᠨ᠎ᠠ᠂ ᠭᠤᠶᠤᠴᠢᠯᠠᠭᠴᠢ ᠰᠠᠶᠢᠨ ᠳᠤᠷ᠎ᠠ ᠠᠴᠠ ᠪᠠᠨ ᠨᠠᠶᠢᠳᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠡᠵᠡᠨ ᠮᠡᠳᠡᠨ ᠰᠣᠩᠭᠤᠵᠤ ᠪᠣᠯᠣᠨ᠎ᠠ᠃ ᠬᠤᠲᠤᠩ ᠠᠷᠠᠳ ᠤᠨ ᠲᠣᠭᠤᠷᠢᠭ ᠤᠨ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠵᠢᠴᠢ ᠶᠦᠮ ᠤᠨ ᠪᠠᠶᠢᠰᠢᠩ ᠪᠠᠯᠭᠠᠰᠤᠨ ᠤ ᠡᠯ᠎ᠡ ᠵᠡᠭᠡᠯᠢ ᠭᠤᠳᠤᠮᠵᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠣᠯᠣᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠤᠳ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠲᠥᠯᠥᠪᠦᠷᠢ ᠦᠭᠡᠢ ᠬᠠᠩᠭᠠᠨ᠎ᠠ᠃       ᠣᠳᠣᠬᠠᠨ ᠳᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠬᠦ ᠵᠡᠷᠭᠡ ᠥᠨᠳᠥᠷ ᠳᠠᠪᠲᠠᠮᠵᠢ ᠲᠠᠢ ᠮᠥᠷᠲᠡᠭᠡᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠰᠢᠶᠠᠩ ᠪᠠᠯᠭᠠᠰᠤᠨ ᠳᠤ ᠥᠷᠨᠢᠭᠦᠯᠬᠦ ᠳᠤ ᠲᠣᠬᠢᠷᠠᠬᠤ 47 ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠦᠮ ᠤᠨ ᠪᠠᠶᠢᠰᠢᠩ ᠪᠠᠯᠭᠠᠰᠤ ᠵᠢᠴᠢ ᠡᠯ᠎ᠡ ᠬᠡᠷᠡᠭ ᠡᠷᠬᠢᠯᠡᠬᠦ ᠭᠠᠵᠠᠷ ᠲᠤ ᠬᠦᠷᠲᠡᠯ᠎ᠡ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ