︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2022 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠯᠣᠭᠤᠳᠤᠯᠭ᠎ᠠ ᠬᠢᠪᠡ᠃ | ᠬᠤᠷᠠᠯ ᠳᠡᠭᠡᠷ᠎ᠡ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠹᠦ᠋ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ | ᠬᠠᠷᠢᠴᠠᠭᠤᠯᠬᠤ ᠪᠠᠶᠢᠴᠠᠭᠠᠯᠲᠠ ᠬᠢᠵᠦ᠂ ᠪᠠᠭ ᠤᠨ ᠭᠡᠰᠢᠭᠦᠳ ᠳᠠᠷᠠᠭᠠᠯᠠᠨ ᠬᠠᠷᠢᠴᠠᠭᠤᠯᠬᠤ ᠪᠠᠶᠢᠴᠠᠭᠠᠯᠲᠠ ᠪᠠ ᠬᠤᠪᠢ ᠶᠢᠨ ᠵᠠᠳᠠᠯᠤᠯᠲᠠ ᠬᠢᠵᠦ᠂ ᠬᠠᠷᠢᠯᠴᠠᠨ ᠰᠢᠭᠦᠮᠵᠢᠯᠡᠬᠦ ᠰᠠᠨᠠᠯ | ᠳᠤᠷᠠᠳᠪᠠ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠪᠣᠣ ᠭᠠᠩ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠤᠲᠠᠯᠠᠵᠤ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃ | ᠨᠢᠭᠡ ᠳᠤ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠳᠡᠭᠡᠷ᠎ᠡ ᠬᠦᠴᠦ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠᠷ ᠭᠤᠣᠯᠳᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ ᠳᠡᠭᠡᠷ᠎ᠡ | ᠬᠦᠴᠦ ᠲᠠᠯᠪᠢᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠪᠠᠷ᠂ ᠥᠨᠳᠥᠷ ᠵᠣᠭᠰᠣᠴᠠ ᠥᠷᠭᠡᠨ ᠬᠠᠷᠠᠭᠠᠰᠤ ᠶᠡᠭᠡ ᠪᠠᠶᠢᠷᠢᠰᠢᠯ ᠢᠶᠠᠷ | ᠬᠥᠭᠵᠢᠯᠲᠡ ᠶᠢ ᠡᠷᠢᠯᠬᠢᠯᠡᠵᠦ᠂ ᠲᠥᠷᠥᠯ ᠵᠦᠢᠯ ᠢ ᠠᠳᠬᠤᠨ᠂ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠵᠦ᠂ ᠠᠵᠤ ᠦᠢᠯᠡᠰ ᠢ ᠬᠥᠭᠵᠢᠭᠦᠯᠦᠨ᠂ ᠬᠡᠷᠡᠭᠯᠡᠭᠡ ᠶᠢ ᠠᠬᠢᠭᠤᠯᠵᠤ᠂ | ᠠᠵᠤ ᠠᠬᠤᠢ ᠶᠢᠨ ᠬᠦᠴᠦᠷᠬᠡᠭ ᠲᠣᠭᠤᠷᠢᠭ ᠢ ᠴᠣᠭᠴᠠᠯᠠᠨ ᠪᠠᠶᠢᠭᠤᠯᠬᠤ ᠬᠡᠷᠡᠭᠲᠡᠢ᠃ ᠭᠤᠷᠪᠠ ᠳᠤ ᠬᠥᠮᠥᠨ ᠠᠮᠠ ᠶᠢ ᠲᠥᠪᠯᠡᠷᠡᠭᠦᠯᠬᠦ ᠳᠡᠭᠡᠷ᠎ᠡ ᠬᠦᠴᠦ ᠲᠠᠯᠪᠢᠵᠤ᠂ ᠰᠤᠷᠭᠠᠨ | ᠬᠥᠮᠦᠵᠢᠯ ᠡᠮ ᠡᠮᠨᠡᠯᠭᠡ ᠶᠢᠨ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠵᠠᠯᠠᠭᠤᠴᠤᠳ ᠤᠨ ᠦᠢᠯᠡᠰ ᠪᠣᠰᠬᠠᠬᠤ ᠠᠵᠢᠯ ᠣᠯᠭᠤᠯᠲᠠ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠨᠡᠩ ᠤᠯᠠᠨ ᠬᠥᠮᠥᠰ ᠢ ᠲᠠᠲᠠᠵᠤ ᠰᠠᠶᠢᠬᠠᠨ ᠲᠣᠭᠤᠷᠢᠭ ᠲᠤ ᠦᠯᠡᠳᠡᠭᠡᠵᠦ᠂ ᠣᠷᠣᠨ ᠤ ᠲᠥᠪ ᠲᠤ ᠦᠨᠳᠦᠰᠦᠯᠡᠭᠦᠯᠬᠦ ᠬᠡᠷᠡᠭᠲᠡᠢ᠃ ᠳᠥᠷᠪᠡ ᠳᠤ | ᠬᠤᠳᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠳᠡᠭᠡᠷ᠎ᠡ ᠬᠦᠴᠦ ᠲᠠᠯᠪᠢᠵᠤ᠂ ᠬᠠᠭᠤᠴᠢᠨ ᠦᠵᠡᠯᠲᠡ ᠪᠠᠨ ᠲᠠᠶᠠᠭᠳᠠᠵᠤ᠂ ︽ᠬᠠᠮᠤᠭ ᠤᠨ ᠰᠠᠶᠢᠨ ᠲᠣᠭᠤᠷᠢᠭ︾ | ᠤᠨ ᠪᠠᠷᠢᠮᠵᠢᠶ᠎ᠠ ᠪᠠᠷ ᠬᠠᠮᠢᠶᠠᠷᠤᠯᠲᠠ ᠶᠢ ᠨᠠᠷᠢᠯᠢᠭᠵᠢᠭᠤᠯᠵᠤ᠂ ᠵᠠᠰᠠᠯᠲᠠ ᠶᠢᠨ ᠳᠤᠲᠠᠭᠳᠠᠯ ᠢᠶᠠᠨ ᠨᠥᠬᠦᠪᠦᠷᠢᠯᠡᠵᠦ᠂ ᠵᠠᠰᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ | ᠲᠠᠪᠤ ᠳᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠳᠡᠭᠡᠷ᠎ᠡ ᠬᠦᠴᠦ ᠲᠠᠯᠪᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷᠴᠤᠳ ᠤᠨ ᠴᠤᠭ ᠵᠢᠪᠬᠤᠭ᠎ᠠ ᠶᠢ ᠪᠠᠳᠠᠷᠠᠭᠤᠯᠵᠤ᠂ | ᠤᠯᠠᠨ ᠢᠶᠠᠷ ᠢᠶᠠᠨ ᠠᠵᠢᠯ ᠬᠢᠵᠦ ᠦᠢᠯᠡᠰ ᠪᠣᠰᠬᠠᠬᠤ ᠬᠠᠶᠢᠷ᠎ᠠ ᠰᠡᠳᠬᠢᠯᠭᠡ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠡᠷᠴᠢ ᠵᠣᠷᠢᠭ ᠪᠣᠯᠣᠨ ᠲᠡᠷᠢᠭᠦᠨ ᠢ ᠲᠡᠮᠡᠴᠡᠬᠦ ᠡᠷᠴᠢ | ᠵᠣᠷᠢᠭ ᠢ ᠬᠥᠭᠵᠢᠭᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠢᠶᠠᠨ ᠬᠠᠷᠠᠭᠤᠯᠬᠤ ᠬᠡᠷᠡᠭᠲᠡᠢ | ᠭᠡᠵᠡᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ ᠬᠤᠷᠠᠯ ᠳᠤ ᠣᠷᠣᠯᠴᠠᠪᠠ᠃ ᠬᠤᠲᠠ ᠶᠢᠨ ᠶᠢᠰᠦᠳᠦᠭᠡᠷ | ᠰᠢᠮᠳᠠᠭᠤᠯᠤᠨ ᠵᠢᠯᠤᠭᠤᠳᠬᠤ ᠳᠤᠭᠤᠶᠢᠯᠠᠩ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠡᠢ᠃ | |