ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/20
ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠮᠢᠶᠣᠣ ᠰᠢᠨ︶ 2 ᠳ᠋ᠤᠭᠠᠷ ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠪᠠ᠂ ᠬᠤᠷᠠᠯ ᠤᠨ ᠭᠤᠣᠯ ᠡᠭᠦᠷᠭᠡ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠳᠠ ᠶᠢᠨ ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠵᠠᠳᠠᠯᠵᠤ᠂ 2023 ᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠬᠤᠳᠠ ᠶᠢᠨ ᠪᠦᠲᠦᠭᠡᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠬᠤᠷᠠᠯ ᠳᠤ ᠣᠷᠣᠯᠴᠠᠵᠤ᠂ ᠬᠤᠲᠠ ᠶᠢᠨ ᠤᠳᠤᠷᠢᠳᠤᠯᠭ᠎ᠠ ᠶᠦᠨ ᠰᠢᠨ ᠮᠢᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠦᠴᠦᠸᠠᠨ ᠰᠢᠶᠠᠨ ᠠᠴᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠲᠠ᠂ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ