2023 ᠣᠨ ᠤ ᠪᠥᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/20
      ︵ᠰᠤᠷᠪᠤᠯᠵᠢᠯᠠᠭᠴᠢ ᠮᠢᠶᠣᠣ ᠴᠢᠩ︶ 2 ᠳ᠋ᠤᠭᠠᠷ ᠰᠠᠷ᠎ᠠ ᠶᠢᠨ 17 ᠤ ᠡᠳᠦᠷ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠷᠠᠯ ᠠᠴᠠ 2023 ᠣᠨ ᠤ ᠪᠦᠬᠦ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠪᠣᠯᠣᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃      ᠥᠩᠭᠡᠷᠡᠭᠰᠡᠨ ᠨᠢᠭᠡ ᠵᠢᠯ ᠳᠤ ᠪᠥᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠨᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠪᠠᠭᠰᠢ ᠶᠢᠨ ᠣᠷᠣᠨ ᠲᠤᠭ᠎ᠠ᠂ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ᠂ ᠠᠵᠢᠯ ᠤᠨ ᠬᠢᠷᠢ ᠪᠦᠲᠦᠮᠵᠢ ᠶᠢᠨ ᠴᠠᠯᠢᠩ᠂ ᠦᠨᠡᠯᠡᠯᠲᠡ ᠶᠢᠨ ᠥᠭᠡᠷᠡᠴᠢᠯᠡᠯᠲᠡ ᠵᠡᠷᠭᠡ ᠲᠠᠯ᠎ᠠ ᠪᠠᠷ ᠴᠥᠮ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠰᠤᠷᠭᠠᠨ ᠬᠥᠮᠦᠵᠢᠯ ᠤᠨ ᠦᠢᠯᠡᠰ ᠰᠢᠨ᠎ᠡ ᠳᠡᠭᠲᠡᠷ ᠲᠤ ᠭᠠᠷᠴᠤ᠂ ᠠᠷᠠᠳ ᠣᠯᠠᠨ ᠤ ᠣᠷᠣᠨ ᠤ ᠲᠥᠪ ᠤᠨ ᠰᠤᠷᠭᠠᠨ ᠬᠥᠮᠦᠵᠢᠯ ᠤᠨ ᠲᠤᠬᠠᠢ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃      ᠡᠨᠡ ᠵᠢᠯ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠣᠨ ᠤ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠨ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠦᠨ᠎ᠡ︔ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ︔ ᠨᠡᠩ ᠲᠥᠪ ᠭᠤᠣᠯᠴᠢ᠂ ᠨᠡᠩ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠡᠷᠬᠢᠯᠡᠨ᠎ᠡ︔ ᠨᠡᠪᠲᠡᠷᠡᠯᠴᠡᠵᠦ ᠠᠭᠤᠰᠤᠯᠴᠠᠵᠤ ᠲᠥᠪᠯᠡᠷᠡᠭᠰᠡᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠦᠷᠭᠡᠨ ᠪᠠᠶᠢᠭᠤᠯᠤᠨ᠎ᠠ︔ ᠰᠤᠷᠭᠠᠨ ᠬᠥᠮᠦᠵᠢᠯ ᠢ ᠲᠣᠭᠠᠴᠢᠯᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ︔ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ︔ ︽ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ︾ ᠶᠢᠨ ᠭᠤᠷᠪᠠᠨ ᠡᠩᠨᠡᠭᠡ ᠶᠢ ᠴᠢᠨᠠᠷ ᠰᠠᠶᠢᠲᠠᠢ ᠪᠠᠶᠢᠭᠤᠯᠤᠨ᠎ᠠ︔ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ