ᠬᠤᠳᠠ ᠶᠢᠨ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ 2023 ᠣᠨ ᠤ ᠬᠥᠭᠵᠢᠯᠲᠡ ᠶᠢᠨ ᠰᠡᠳᠬᠢᠴᠡ ᠪᠣᠯᠣᠨ ᠠᠵᠢᠯ ᠤᠨ ᠠᠷᠭ᠎ᠠ ᠬᠡᠮᠵᠢᠶ᠎ᠡ ᠶᠢ ᠰᠣᠨᠣᠰᠪᠠ
ᠨᠡᠶᠢᠲᠡᠯᠡᠭᠰᠡᠨ ᠴᠠᠭ᠄
2023/2/21
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ  ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 20 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ 2023 ᠣᠨ ᠤ ᠬᠥᠭᠵᠢᠯᠲᠡ ᠶᠢᠨ ᠰᠡᠳᠬᠢᠴᠡ ᠪᠣᠯᠣᠨ ᠠᠵᠢᠯ ᠤᠨ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ 10 ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠢᠭᠤᠳ ᠭᠤᠣᠯ ᠰᠡᠳᠦᠪ ᠲᠡᠭᠡᠨ ᠣᠷᠣᠨ ᠪᠣᠳᠠᠲᠠᠢ ᠤᠴᠢᠷ ᠢ ᠶᠠᠷᠢᠵᠤ᠂ ᠠᠰᠠᠭᠤᠳᠠᠯ ᠳᠤ ᠰᠢᠭᠤᠳ ᠬᠠᠨᠳᠤᠨ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠪᠣᠣ ᠭᠠᠩ ᠨᠢᠭᠡᠳ ᠨᠢᠭᠡ ᠪᠠᠷ ᠦᠨᠡᠯᠡᠯᠲᠡ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠨᠠᠮ ᠤᠨ ᠬᠤᠷᠢᠳᠤᠭᠠᠷ ᠶᠡᠭᠡ ᠬᠤᠷᠠᠯ ᠠᠴᠠ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠣᠯᠭᠤᠭᠰᠠᠨ ᠰᠢᠨ᠎ᠡ ᠬᠠᠷᠢᠭᠤᠴᠠᠯᠭ᠎ᠠ ᠰᠢᠨ᠎ᠡ ᠡᠭᠦᠷᠭᠡ ᠶᠢ ᠭᠦᠨᠵᠡᠭᠡᠢ ᠣᠶᠢᠯᠠᠭᠠᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠲᠦᠷᠦ ᠶᠢᠨ ᠬᠠᠷᠢᠭᠤᠴᠠᠯᠭ᠎ᠠ᠂ ᠠᠵᠤ ᠠᠬᠤᠢ ᠶᠢᠨ ᠬᠠᠷᠢᠭᠤᠴᠠᠯᠭ᠎ᠠ ᠪᠣᠯᠣᠨ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠬᠦ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠬᠠᠷᠠᠯᠲᠠ ᠪᠠ ᠰᠡᠳᠬᠢᠴᠡ ᠪᠠᠨ ᠲᠣᠳᠣᠷᠬᠠᠢ ᠲᠣᠭᠲᠠᠭᠠᠵᠤ᠂ ᠭᠤᠣᠯ ᠠᠵᠢᠯ ᠲᠠᠢ ᠬᠠᠮᠢᠶ᠎ᠠ ᠦᠭᠡᠢ᠂ ᠦᠷ᠎ᠡ ᠠᠰᠢᠭ ᠢᠶᠠᠷ ᠥᠨᠳᠥᠷ ᠪᠢᠰᠢ ᠬᠦᠷᠢᠶ᠎ᠡ ᠴᠠᠷᠠᠭ᠎ᠠ ᠠᠴᠠ ᠡᠷᠡᠰ ᠤᠬᠤᠷᠢᠨ ᠭᠠᠷᠬᠤ ᠬᠡᠷᠡᠭᠲᠡᠢ᠃ ᠡᠳ᠋ ᠬᠥᠷᠥᠩᠭᠡ ᠪᠣᠯᠣᠨ ᠥᠷᠢ ᠰᠢᠷᠢ ᠶᠢᠨ ᠰᠠᠭᠤᠷᠢ ᠲᠤᠭ᠎ᠠ ᠪᠠᠨ ᠲᠣᠳᠣᠷᠬᠠᠢ ᠣᠶᠢᠯᠠᠭᠠᠵᠤ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ ︾  ᠠᠪᠴᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢ ᠰᠢᠷᠢ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠮᠥᠨ ᠤ ᠬᠦᠴᠦᠨ ᠤ ᠥᠪᠡᠷ ᠤᠨ ᠦᠷᠳᠡᠭ᠂ ᠡᠳ᠋ ᠤᠨ ᠶᠠᠪᠤᠳᠠᠯ ᠤᠨ ᠥᠪᠡᠷ ᠤᠨ ᠦᠷᠳᠡᠭ᠂ ᠲᠦᠭᠦᠬᠡᠢ ᠮᠠᠲ᠋ᠧᠷᠢᠶᠠᠯ ᠤᠨ ᠥᠪᠡᠷ ᠤᠨ ᠦᠷᠳᠡᠭ᠂ ᠬᠠᠮᠢᠶᠠᠷᠤᠯᠲᠠ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠠᠬᠤᠢ ᠶᠢᠨ ᠦᠷ᠎ᠡ ᠠᠰᠢᠭ ᠢ ᠠᠯᠢ ᠪᠣᠯᠬᠤ ᠪᠠᠷ ᠥᠷᠭᠡᠳᠬᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠨ᠂ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠦᠭᠡ ᠬᠡᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠢ ᠦᠨᠡᠨᠬᠦ ᠬᠥᠭᠵᠢᠭᠡᠬᠦ ᠬᠡᠷᠡᠭᠲᠡᠢ᠃ ᠨᠢᠭᠡ ᠪᠦᠯᠦᠭ ᠤᠯᠤᠰ ᠲᠦᠷᠦ ᠶᠢ ᠡᠷᠬᠢᠮᠯᠡᠳᠡᠭ᠂ ᠡᠵᠡᠩᠨᠡᠯᠲᠡ ᠶᠢ ᠮᠡᠳᠡᠳᠡᠭ᠂ ᠬᠠᠮᠢᠶᠠᠷᠴᠤ ᠴᠢᠳᠠᠳᠠᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠶᠡᠬᠡᠪᠡᠷ ᠬᠥᠮᠥᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠾᠧ ᠬᠠᠢ ᠳ᠋ᠦᠩ ᠨᠠᠷ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ