ᠮᠠᠨ ᠤ ᠬᠤᠲᠠ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠭᠡᠮ ᠢ ᠣᠯᠠᠨ ᠡᠰᠢᠵᠢᠭᠦᠯᠦᠨ ᠭᠡᠷᠡᠴᠢᠯᠡᠬᠦ ᠪᠣᠯᠪᠠ
ᠨᠡᠶᠢᠲᠡᠯᠡᠭᠰᠡᠨ ᠴᠠᠭ᠄
2023/2/21
      ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠮᠠᠨ ᠤ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠠᠴᠠ ᠣᠶᠢᠯᠠᠭᠠᠭᠰᠠᠨ ᠢᠶᠠᠷ᠂ ᠲᠤᠰ ᠲᠥᠪ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶ᠎ᠡ + ᠦᠢᠯᠡᠴᠢᠯᠡᠭᠡ︾ ᠶᠢᠨ ᠭᠡᠷᠡᠴᠢᠯᠡᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ ᠬᠡᠷᠡᠭᠯᠡᠵᠦ᠂ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠭᠡᠷᠡᠴᠢᠯᠡᠯ ᠤᠨ ᠠᠷᠭ᠎ᠠ ᠮᠠᠶ᠋ᠢᠭ ᠢ ᠥᠷᠨᠢᠭᠦᠯᠦᠨ᠂ ᠭᠡᠷᠡᠴᠢᠯᠡᠯ ᠤᠨ ᠠᠷᠭ᠎ᠠ ᠮᠠᠶ᠋ᠢᠭ ᠢ ᠣᠯᠠᠨ ᠡᠰᠢᠵᠢᠭᠦᠯᠵᠦ᠂ ᠳᠥᠭᠦᠮ ᠳᠥᠲᠡ ᠪᠣᠯᠭᠠᠵᠤ᠂ ᠵᠢᠷᠤᠮᠵᠢᠭᠤᠯᠤᠨ᠂ ᠭᠡᠷᠡᠴᠢᠯᠡᠯ ᠢ ᠦᠢᠯᠡᠴᠢᠯᠡᠭᠡᠨ ᠳᠤ ᠠᠬᠤᠭᠤᠯᠬᠤ᠂ ᠭᠡᠷᠡᠴᠢᠯᠡᠯ ᠢ ᠮᠡᠳᠡᠭᠳᠡᠬᠦ ᠦᠭᠡᠢ ᠪᠠᠶᠢᠳᠠᠯ ᠳᠤ ᠠᠬᠤᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠠᠴᠠ ᠪᠠᠨ ᠠᠮᠠᠷᠠᠭᠰᠠᠳ ᠲᠤ ᠬᠠᠷᠰᠢ ᠪᠣᠯᠬᠤ ᠶᠢ ᠠᠯᠢ ᠴᠢᠳᠠᠬᠤ ᠪᠠᠷ ᠪᠠᠭᠠᠰᠬᠠᠨ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠭᠡᠷᠡᠴᠢᠯᠡᠯ ᠤᠨ ᠠᠵᠢᠯ ᠢ ᠴᠥᠬᠦᠷᠡᠰᠢ ᠦᠭᠡᠢ ᠥᠷᠨᠢᠭᠦᠯᠪᠡ᠃ ᠡᠭᠦᠨ ᠤ ᠵᠡᠷᠭᠡ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠳᠥᠭᠦᠮ ᠳᠥᠲᠡ ᠣᠯᠠᠨ ᠡᠰᠢᠵᠢᠭᠦᠯᠦᠭᠰᠡᠨ ᠭᠡᠷᠡᠴᠢᠯᠡᠯ ᠨᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ︽ᠠᠯᠳᠠᠭᠳᠠᠵᠤ ᠣᠷᠤᠰᠬᠤ︾ ᠦᠵᠡᠭᠳᠡᠯ ᠢ ᠲᠠᠰᠤ ᠵᠣᠭᠰᠣᠭᠠᠵᠤ᠂ ᠣᠯᠠᠨ ᠲᠦᠮᠡᠨ ᠤ  ︽ᠨᠠᠰᠤᠵᠢᠯ ᠤᠨ ᠠᠰᠠᠷᠠᠮᠵᠢ ᠶᠢᠨ ᠮᠥᠩᠭᠦ︾ ︽ᠠᠮᠢ ᠵᠢᠭᠤᠬᠤ ᠮᠥᠩᠭᠦ︾ ᠪᠦᠷᠢ ᠶᠢ ᠰᠠᠶᠢᠲᠤᠷ ᠬᠠᠮᠠᠭᠠᠯᠠᠭᠰᠠᠨ ᠪᠠᠶᠢᠨ᠎ᠠ᠃      ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠪᠣᠯ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠷᠢᠭᠤᠳᠠ ᠬᠠᠭᠤᠷᠮᠠᠭᠯᠠᠨ ᠠᠪᠬᠤ ᠶᠢ ᠰᠡᠷᠭᠡᠶᠢᠯᠡᠬᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠠᠯᠳᠠᠭᠳᠠᠬᠤ ᠶᠢ ᠰᠡᠷᠭᠡᠶᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ᠬᠠᠷᠠᠭᠠᠯᠵᠠᠯ ᠠᠪᠤᠭᠰᠠᠨ ᠭᠡᠷᠡᠴᠢᠯᠡᠭᠡᠳᠦᠢ ᠬᠥᠮᠥᠰ ᠪᠠ ᠪᠤᠰᠤᠳ ᠠᠷᠭ᠎ᠠ ᠪᠠᠷᠢᠯ ᠢᠶᠠᠷ ᠲᠣᠰ ᠬᠥᠮᠥᠨ ᠲᠠᠢ ᠨᠢ ᠬᠠᠷᠢᠯᠴᠠᠬᠤ ᠶᠢᠨ ᠠᠷᠭ᠎ᠠ ᠦᠭᠡᠢ ᠬᠥᠮᠥᠰ ᠤᠨ ᠬᠠᠷᠠᠭᠠᠯᠵᠠᠯ ᠢ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠲᠦᠷ ᠵᠣᠭᠰᠤᠭᠠᠬᠤ ᠭᠠᠷᠳᠠᠮ ᠭᠦᠢᠴᠡᠳᠬᠡᠵᠦ ᠂ ᠬᠠᠷᠠᠭᠠᠯᠵᠠᠯ ᠢ ᠨᠢ ᠲᠦᠷ ᠵᠣᠭᠰᠤᠭᠠᠬᠤ ᠭᠠᠷᠳᠠᠮ ᠭᠦᠢᠴᠡᠳᠬᠡᠭᠰᠡᠨ ᠬᠥᠮᠥᠰ ᠬᠡᠷᠪᠡ 3 ᠰᠠᠷ᠎ᠠ ᠶᠢᠨ ᠳᠣᠲᠣᠷ᠎ᠠ ᠣᠨᠳᠣᠣ ᠰᠠᠨᠠᠯ ᠳᠤᠷᠠᠳᠬᠤ ᠬᠥᠮᠥᠨ ᠦᠭᠡᠢ ᠪᠣᠯ ᠬᠠᠷᠠᠭᠠᠯᠵᠠᠯ ᠢ ᠨᠢ ᠵᠣᠭᠰᠣᠭᠠᠨ᠎ᠠ᠃      ︽ᠮᠠᠨ ᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠢᠶᠠᠨ ᠭᠡᠷᠡᠴᠢᠯᠡᠬᠦ ᠬᠥᠮᠥᠨ ᠵᠢᠯ ᠪᠦᠷᠢ ︿ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ﹀ ᠪᠠᠷ ᠳᠡᠮᠵᠢᠨ ᠥᠪᠡᠰᠦᠪᠡᠨ ᠭᠡᠷᠡᠴᠢᠯᠡᠭᠡ ᠬᠢᠵᠦ ᠪᠣᠯᠣᠨ᠎ᠠ᠂ ᠭᠠᠷ ᠤᠲᠠᠰᠤᠨ ᠤ App ᠪᠠᠷ  ᠭᠡᠷᠡᠴᠢᠯᠡᠭᠡ ᠬᠢᠵᠦ ᠴᠢᠳᠠᠬᠤ ᠦᠭᠡᠢ ᠬᠥᠮᠥᠰ ᠵᠢᠴᠢ ᠶᠠᠪᠤᠵᠤ ᠰᠠᠭᠤᠬᠤ ᠳᠤ ᠳᠥᠭᠦᠮ ᠦᠭᠡᠢ ᠮᠥᠷᠲᠡᠭᠡᠨ ᠦᠷ᠎ᠡ ᠬᠡᠦᠬᠡᠳ ᠪᠠ ᠲᠥᠷᠥᠯ ᠰᠠᠳᠤᠨ  ᠨᠢ ᠭᠠᠷ ᠤᠲᠠᠰᠤ ᠪᠠᠷ ᠭᠡᠷᠡᠴᠢᠯᠡᠬᠦ ᠳᠤ ᠬᠠᠪᠰᠤᠷᠴᠤ ᠳᠡᠶᠢᠯᠬᠦ ᠦᠭᠡᠢ ᠠᠵᠢᠯ ᠠᠴᠠ ᠪᠠᠨ ᠠᠮᠠᠷᠠᠭᠰᠠᠳ ᠲᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠠᠵᠢᠯᠲᠠᠨ ᠠᠴᠠ ᠵᠢᠭᠠᠨ ᠵᠢᠯᠤᠭᠤᠳᠴᠤ ᠭᠡᠷᠡᠴᠢᠯᠡᠭᠦᠯᠬᠦ ᠪᠤᠶᠤ ᠤᠲᠠᠰᠤ ᠪᠠᠷ ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠲᠥᠪ ᠲᠠᠢ ᠬᠠᠷᠢᠯᠴᠠᠵᠤ ᠠᠵᠢᠯᠲᠠᠨ ᠲᠣᠬᠢᠷᠠᠭᠤᠯᠵᠤ ᠦᠢᠯᠡᠴᠢᠯᠡᠭᠦᠯᠵᠦ ᠪᠣᠯᠣᠨ᠎ᠠ︾ ᠭᠡᠵᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠳᠡᠳ᠋ ᠰᠠᠯᠠᠭᠠᠨ ᠳᠠᠷᠤᠭ᠎ᠠ ᠾᠧ ᡁᠢ ᠲᠢᠶᠠᠨ ᠬᠡᠯᠡᠵᠡᠢ᠃      ᠡᠭᠦᠨ ᠠᠴᠠ ᠭᠠᠳᠠᠨ᠎ᠠ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠭᠠᠳᠠᠷ ᠮᠤᠵᠢ ᠬᠤᠲᠠ ᠳᠤ ᠰᠠᠭᠤᠵᠤ ᠪᠠᠶᠢᠭ᠎ᠠ᠂ ᠭᠠᠷ ᠤᠲᠠᠰᠤᠨ ᠤ App ᠪᠠᠷ ᠬᠡᠷᠡᠴᠢᠯᠡᠭᠡ ᠬᠢᠵᠦ ᠴᠢᠳᠠᠬᠤ ᠦᠭᠡᠢ ᠪᠤᠶᠤ ᠬᠡᠷᠡᠭᠯᠡᠵᠦ ᠳᠡᠶᠢᠯᠬᠦ ᠦᠭᠡᠢ ᠬᠥᠮᠥᠰ ᠪᠠᠰᠠ ᠸᠢᠴᠠᠲ ᠤᠨ ᠸᠢᠳᠢᠤ᠋᠂ ᠤᠲᠠᠰᠤ ᠪᠠᠷ ᠬᠠᠷᠢᠯᠴᠠᠵᠤ ᠭᠡᠷᠡᠴᠢᠯᠡᠯ ᠬᠢᠯᠭᠡᠵᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ